ᠰᠢᠤᠸᠠᠢ ᠲᠢᠶᠠᠨ ᠰᠢᠶᠠᠩ ᠨᠠᠷᠢᠯᠢᠭ ᠣᠨᠣᠪᠴᠢᠲᠠᠶ ᠠᠵᠤ ᠦᠶᠯᠡᠰ ᠤᠨ ᠪᠠᠶᠢᠷᠢᠯᠠᠭᠤᠯᠤᠯᠲᠠ‌‍ᠬᠢᠵᠦ ᠣᠶ ᠶᠢᠨ ᠬᠤᠷᠮᠣᠶ ᠶᠢᠨ ᠠᠵᠤ ᠠᠬᠤᠶ ᠶᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/7/3
   ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾᠂ ᠲᠦᠴᠢᠦᠸᠠᠨ ᠰᠢᠶᠠᠨ  ᠤ ᠰᠢᠤᠸᠠᠢ ᠲᠢᠶᠠᠨ ᠰᠢᠶᠠᠩ ᠬᠠᠷᠢᠶ᠎ᠠ ᠣᠷᠣᠨ ᠤ ᠪᠠᠨ ᠳᠣᠲᠣᠷᠠᠬᠢ ᠣᠶᠢᠲᠤ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠤᠢ ᠳᠣᠲᠣᠷᠠᠬᠢ ᠠᠵᠤ ᠠᠬᠤᠢ ᠶᠢ ᠰᠦᠪᠡᠭᠴᠢᠯᠡᠨ ᠬᠥᠭᠵᠢᠭᠦᠯᠵᠦ᠂ ᠣᠶᠢᠲᠤ ᠭᠠᠵᠠᠷ ᠤᠨ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠨᠢᠭᠡ ᠭᠠᠵᠠᠷ ᠲᠤ ᠤᠯᠠᠨ ᠠᠯᠲᠠ ᠤᠷᠭᠤᠭᠤᠯᠵᠤ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠵᠡᠷᠭᠡᠪᠡᠷ ᠦᠷ᠎ᠡ ᠪᠦᠲᠦᠭᠡᠯ ᠲᠠᠢ ᠪᠣᠯᠭᠠᠵᠤ᠂ ︽ᠬᠤᠣᠰ ᠴᠡᠴᠡᠭ︾ ᠢ ᠳᠡᠯᠭᠡᠷᠡᠭᠦᠯᠪᠡ᠃
   ᠵᠤᠨ ᠤ ᠭᠤᠣᠯ ᠳᠤ ᠡᠪᠡᠰᠦ ᠮᠣᠳᠣ ᠴᠡᠯᠭᠡᠷᠡᠨ ᠨᠣᠭᠤᠭᠠᠷᠠᠵᠤ᠂ ᠰᠢᠤᠸᠠᠢ ᠲᠢᠶᠠᠨ ᠰᠢᠶᠠᠩ ᠤᠨ ᠰᠠᠨ ᠾᠧ ᠲᠣᠰᠬᠤᠨ ᠤ ᠤᠯᠠᠭᠠᠨ ᠨᠠᠷᠠᠰᠤᠨ ᠮᠦᠭᠦ ᠲᠠᠷᠢᠬᠤ ᠰᠠᠭᠤᠷᠢᠨ ᠳᠤ᠂ 10 ᠭᠠᠷᠤᠢ ᠠᠵᠢᠯᠳᠠᠨ ᠤᠢ ᠶᠢᠨ ᠳᠤᠮᠳᠠᠭᠤᠷ ᠰᠦᠯᠵᠢᠨ ᠶᠠᠪᠤᠵᠤ᠂ ᠲᠡᠭᠦᠵᠦ ᠬᠤᠷᠢᠶᠠᠬᠤ ᠪᠠᠷ ᠶᠠᠭᠠᠷᠠᠯᠳᠤᠨ᠎ᠠ᠂ ᠨᠢᠭᠡ ᠪᠠᠭᠴᠠ ᠤᠯᠠᠭᠠᠨ ᠨᠠᠷᠠᠰᠤᠨ ᠮᠦᠭᠦ ᠪᠤᠷᠤᠭᠠᠨ ᠤ ᠳᠠᠷᠠᠭᠠᠬᠢ ᠬᠤᠯᠤᠰᠤᠨ ᠰᠦᠶ᠎ᠡ ᠮᠡᠲᠦ ᠪᠠᠷ ᠨᠠᠷᠠᠰᠤᠨ ᠵᠡᠭᠦᠦ ᠶᠢᠨ ᠬᠤᠴᠢᠵᠤ ᠪᠠᠶᠢᠭ᠎ᠠ ᠰᠢᠪᠠᠷ ᠰᠢᠷᠣᠢ  ᠠᠴᠠ ᠲᠠᠰᠤᠷᠠᠯᠳᠠ ᠦᠭᠡᠢ ᠲᠣᠯᠣᠭᠠᠢ ᠴᠤᠬᠤᠶᠢᠵᠤ᠂ ᠴᠠᠭᠠᠨ ᠮᠦᠬᠦ ᠶᠢᠨ ᠪᠠᠭᠠᠨ᠎ᠠ ᠶᠢᠨ ᠤᠷᠤᠢ ᠳᠤ ᠳᠦᠭᠦᠷᠡᠩ ᠳᠦᠭᠦᠷᠡᠩ ᠦᠩᠭᠡ ᠲᠠᠢ ᠠᠷᠢᠬᠢᠨ ᠤ ᠤᠯᠠᠭᠠᠨ ᠮᠦᠬᠦ ᠶᠢᠨ ᠪᠦᠷᠬᠦᠭᠡᠰᠦ ᠭᠠᠷᠴᠤ᠂ ᠨᠢᠭᠡ ᠪᠠᠭᠴᠠ ᠲᠣᠭᠤᠷᠢᠭ ᠬᠡᠩᠭᠡᠷᠭᠡ ᠶᠢᠨ ᠵᠢᠵᠢᠭ ᠰᠢᠬᠦᠷ ᠰᠢᠭ ᠪᠠᠶᠢᠵᠤ᠂ ᠤᠷᠭᠤᠴᠠ ᠨᠢ ᠮᠠᠰᠢ ᠪᠠᠶᠠᠷᠯᠠᠭᠤᠰᠢᠲᠠᠢ ᠪᠠᠶᠢᠯ᠎ᠠ᠃
   ︽4 - 7 ᠰᠠᠷ᠎ᠠ ᠪᠣᠯ ᠤᠯᠠᠭᠠᠨ ᠨᠠᠷᠠᠰᠤᠨ ᠮᠦᠭᠦ ᠲᠡᠭᠦᠬᠦ ᠢᠳᠡ ᠤᠯᠠᠷᠢᠯ ᠪᠣᠯᠤᠨ᠎ᠠ᠂ ᠡᠨᠡ ᠬᠦ ᠰᠠᠭᠤᠷᠢᠨ ᠭᠠᠵᠠᠷ ᠨᠢ ᠪᠠᠷᠤᠭ 50 ᠭᠠᠷᠤᠶ ᠮᠥ ᠪᠠᠶᠢᠵᠤ᠂ ᠭᠠᠭᠴᠠ ᠡᠳᠦᠷ ᠲᠤ ᠪᠠᠷᠤᠭ 1000 ᠭᠠᠷᠤᠶ ᠵᠢᠩ ᠤᠯᠠᠭᠠᠨ ᠨᠠᠷᠠᠰᠤᠨ ᠮᠦᠭᠦ ᠭᠠᠷᠳᠠᠭ᠂ ᠲᠡᠭᠦᠭᠰᠡᠨ ᠤ ᠳᠠᠷᠠᠭ᠎ᠠ ᠬᠤᠷᠰᠢᠶ᠎ᠠ ᠠᠴᠠ ᠨᠢᠭᠡᠳᠦᠯᠲᠡᠶ ᠬᠤᠷᠢᠶᠠᠨ ᠠᠪᠴᠤ᠂ ᠪᠣᠷᠣᠯᠠᠭᠤᠯᠭ᠎ᠠ ᠶᠢᠨ ᠵᠠᠮ ᠨᠢ ᠪᠠᠲᠤᠯᠠᠭ᠎ᠠ ᠲᠠᠢ ᠪᠣᠯᠤᠨ᠎ᠠ᠂ ᠡᠶᠢᠮᠦᠷᠬᠦᠦ ᠮᠦᠭᠦ ᠶᠢᠨ ᠲᠥᠷᠥᠯ ᠤᠨ ᠥᠰᠥᠯᠲᠡ ᠶᠢᠨ ᠦᠶᠡᠯᠡᠯ ᠤᠨ ᠬᠤᠭᠤᠴᠠᠭ᠎ᠠ ᠨᠢ ᠣᠬᠤᠷ᠂ ᠦᠷ᠎ᠡ ᠪᠦᠲᠦᠮᠵᠢ ᠨᠢ ᠲᠦᠷᠭᠡᠨ ᠪᠠᠶᠢᠵᠤ᠂ ᠣᠶ ᠶᠢᠨ ᠬᠤᠷᠮᠣᠶ ᠶᠢᠨ ᠲᠠᠷᠢᠮᠠᠯ ᠳᠠᠷᠢᠬᠤ ᠳᠤ ᠣᠨᠴᠠᠭᠠᠶ ᠳᠣᠭᠢᠷᠠᠨ᠎ᠠ᠃︾ ᠭᠡᠵᠦ ᠰᠠᠨ ᠾᠧ ᠲᠣᠰᠬᠤᠨ ᠤ ᠨᠠᠮ ᠤᠨ ᠡᠭᠦᠷ ᠤᠨ ᠱᠦᠵᠢ ᠯᠢᠦ ᠴᠠᠩ ᠴᠦᠨ ᠲᠠᠨᠢᠯᠴᠠᠭᠤᠯᠪᠠ᠃
   ᠣᠶᠢᠷ᠎ᠠ ᠶᠢᠨ ᠵᠢᠯ ᠤᠳ ᠲᠤ᠂ ᠰᠢᠤᠸᠠᠢ ᠲᠢᠶᠠᠨ ᠰᠢᠶᠠᠩ ᠠᠵᠤ ᠦᠶᠯᠡᠰ ᠤᠨ ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠰᠢᠨ᠎ᠡ ᠵᠠᠭᠪᠤᠷ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠲᠣᠰ ᠰᠢᠶᠠᠩ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠᠷ ᠶᠡᠭᠡ ᠡᠬᠢ ᠪᠠᠶᠠᠯᠢᠭ  ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠬᠡᠯᠪᠡᠷᠢ ᠶᠢᠨ ᠠᠵᠤ ᠦᠶᠯᠡᠰ ᠢ ᠶᠡᠬᠡᠪᠡᠷ ᠬᠥᠭᠵᠢᠭᠦᠯᠵᠦ᠂ ︽ᠣᠶ ᠶᠢᠨ ᠬᠤᠷᠮᠣᠶ + ᠠᠵᠤ ᠠᠬᠤᠶ ᠶᠢᠨ ᠬᠥᠭᠵᠢᠯᠲᠡ ᠶᠢᠨ ᠵᠠᠭᠪᠤᠷ︾ ᠢ ᠬᠠᠶᠢᠨ ᠰᠦᠪᠡᠭᠴᠢᠯᠡᠵᠦ᠂ ᠣᠶ ᠶᠢᠨ ᠬᠤᠷᠮᠣᠶ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠂ ︽ᠰᠠᠶᠢᠨ ᠡᠬᠢ ᠪᠠᠶᠠᠯᠢᠭ︾ ᠢ ︽ᠰᠠᠶᠢᠨ ᠨᠠᠷᠠᠲᠤ ᠲᠡᠮᠳᠡᠭᠲᠦ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠮᠢ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠪᠠᠶᠢᠨ᠎ᠠ᠃
   ︽ᠡᠨᠡ ᠦᠶ᠎ᠡ ᠳᠤ ᠲᠠᠷᠢᠶᠠᠨ ᠭᠠᠵᠠᠷ ᠶᠠᠭᠠᠷᠠᠤ ᠦᠭᠡᠢ᠂ ᠪᠢ ᠬᠥᠯᠥᠰᠥᠨ ᠠᠵᠢᠯ ᠬᠢᠬᠦ ᠪᠠᠷ ᠢᠷᠡᠵᠡᠢ᠂ ᠰᠠᠭᠤᠷᠢᠨ ᠭᠠᠵᠠᠷ ᠭᠡᠷ ᠠᠴᠠ ᠤᠶᠢᠷ᠎ᠠ᠂  ᠶᠠᠪᠤᠵᠦ ᠰᠠᠭᠤᠬᠤ ᠳᠤ ᠮᠠᠰᠢ ᠳᠥᠭᠦᠮ᠂ ᠨᠢᠭᠡ ᠡᠳᠦᠷ 150 ᠲᠥᠭᠦᠷᠢᠭ ᠣᠷᠴᠢᠮ᠃︾ ᠭᠡᠵᠦ ᠲᠠᠷᠢᠶᠠᠴᠢᠨ ᠡᠷᠦᠬᠡ ᠭᠤᠤ ᡁᠢ ᠶᠦᠩ ᠬᠡᠯᠡᠪᠡ᠃ ᠰᠢᠤᠸᠠᠢ ᠲᠢᠶᠠᠨ ᠰᠢᠶᠠᠩ ᠤᠨ ᠤᠯᠠᠭᠠᠨ ᠨᠠᠷᠠᠰᠤᠨ ᠮᠦᠭᠦ ᠣᠶ ᠶᠢᠨ ᠬᠤᠷᠮᠣᠶ ᠶᠢᠨ ᠲᠠᠷᠢᠮᠠᠯ ᠤᠨ ᠰᠠᠭᠤᠷᠢᠨ ᠭᠠᠵᠠᠷ ᠨᠢ ᠡᠷᠬᠢᠨ ᠲᠣᠭᠤᠷᠢᠨ ᠤ ᠲᠣᠰᠬᠤᠨ ᠤ ᠠᠷᠠᠳ ᠲᠤ 30 ᠭᠠᠷᠤᠶ ᠲᠦᠷ ᠴᠠᠭ ᠤᠨ ᠴᠢᠨᠠᠷᠲᠠᠶ ᠠᠵᠢᠯ ᠤᠨ ᠪᠠᠶᠢᠷᠢ ᠬᠠᠩᠭᠠᠵᠤ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠲᠤᠬᠠᠶ ᠶᠢᠨ ᠭᠠᠵᠠᠷ ᠲᠠᠭᠠᠨ ᠠᠵᠢᠯ ᠤᠯᠬᠤ ᠠᠰᠠᠭᠤᠳᠠᠯ ᠢ ᠮᠠᠰᠢ ᠶᠡᠭᠡ ᠬᠡᠮᠵᠢᠶ᠎ᠡ ᠪᠠᠷ ᠰᠢᠶᠳᠪᠦᠷᠢᠯᠡᠵᠦ᠂ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃
   ︽ᠪᠢᠳᠡ ᠰᠠᠨ ᠾᠧ ᠲᠣᠰᠬᠤᠨ ᠤ ᠤᠯᠠᠭᠠᠨ ᠨᠠᠷᠠᠰᠤᠨ ᠮᠦᠭᠦ ᠶᠢᠨ ᠲᠠᠷᠢᠮᠠᠯ ᠤᠨ ᠰᠠᠭᠤᠷᠢᠨ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠣᠶ ᠰᠢᠭᠤᠶ ᠶᠢᠨ ᠡᠮ᠂ ᠣᠶ ᠶᠢᠨ ᠮᠦᠭᠦ᠂ ᠣᠶ ᠶᠢᠨ ᠵᠢᠭᠦᠷᠲᠡᠨ ᠢᠶᠠᠷ ᠭᠤᠤᠯ ᠤᠳᠤᠷᠢᠳᠤᠮᠵᠢ ᠪᠣᠯᠭᠠᠭᠰᠠᠨ ᠪᠣᠰᠤᠭ᠎ᠠ ᠴᠣᠭᠴᠠᠲᠤ ᠣᠶ ᠶᠢᠨ ᠬᠤᠷᠮᠣᠶ ᠶᠢᠨ ᠠᠵᠤ ᠠᠬᠤᠶ ᠶᠢᠨ ᠠᠵᠤ ᠦᠶᠯᠡᠰ ᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠵᠦ᠂ ︽ᠣᠶ︾ ᠶᠢᠨ ᠣᠷᠣᠨ ᠵᠠᠶ ᠶᠢ ᠠᠮᠢᠳᠤᠯᠢᠭ ᠪᠣᠯᠭᠠᠨ᠂ ︽ᠣᠶ︾ ᠶᠢᠨ ᠠᠵᠤ ᠠᠬᠤᠶ ᠶᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠣᠬᠢᠷᠲᠤᠯ ᠥᠬᠡᠶ ᠲᠤᠯᠭᠠᠭᠤᠷᠢᠯᠠᠯ ᠬᠠᠩᠭᠠᠵᠤ᠂ ᠪᠣᠬᠢᠷᠲᠤᠯ ᠥᠬᠡᠶ ᠬᠥᠳᠡᠯᠭᠡᠬᠦ ᠬᠦᠴᠦᠨ ᠨᠡᠮᠡᠷᠢᠯᠡᠨ᠎ᠡ᠃︾ ᠭᠡᠵᠦ ᠰᠢᠤᠸᠠᠢ ᠲᠢᠶᠠᠨ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠸᠠᠩ ᠵᠠᠨ ᠱᠧᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号