ᠢᠦᠢ ᠵᠢᠢ ᠱᠦᠨ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/30
   7 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ ᠳᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠶ᠋ᠯᠡᠳᠪᠦᠷᠢᠯᠡᠯ ᠠᠵᠢᠯᠯᠠᠭᠠᠨ᠂ ᠠᠶᠤᠯᠭᠦᠶ ᠦᠢᠯᠡᠳᠪᠦᠷᠢᠡᠯᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠢᠦᠶ ᠵᠢᠶ ᠱᠦᠨ ᠤᠷᠢᠳ ᠬᠤᠵᠢᠳ ᠵᠥᠩ ᠭᠤᠸᠠᠩ ᠴᠥᠮ᠎ᠡ ᠶᠢᠨ ᠬᠢᠩᠭᠠᠨ ᠠᠶᠢᠮᠠᠭ ᠤᠨ ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ᠂ ᠤᠯᠠᠭᠠᠨᠬᠤᠲᠠ ᠶᠢᠨ ᠪᠣᠯᠣᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠩ ᠶᠦᠨ ᠬᠤᠩ ᠾᠧ ︵ᠪᠦᠯᠦᠭᠯᠡᠯ︶ ᠤᠯᠠᠭᠠᠨᠬᠤᠲᠠ ᠶᠢᠨ ᠲᠠᠮᠠᠬᠢᠨ ᠦᠢᠯᠡᠳᠪᠦᠷᠢ᠂ ᠥᠪᠥᠷ ᠮᠣᠩᠭᠤᠯ ᠤᠨ ᠤᠳᠠᠴᠢ ᠮᠣᠩᠭᠤᠯ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢ ᠶᠢᠨ ᠲᠠᠰᠤᠭ ᠲᠤ ᠣᠷᠣᠵᠤ᠂ ᠦᠢᠯᠡᠳᠪᠦᠷᠢᠯᠡᠯ ᠢ ᠦᠵᠡᠵᠦ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠢ ᠰᠤᠳᠤᠯᠤᠨ ᠨᠡᠭᠡᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠨᠢᠭᠲᠠ ᠠᠰᠠᠭᠤᠨ ᠯᠠᠪᠯᠠᠪᠠ᠃ ᠲᠡᠷᠡ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠰᠡᠳᠬᠢᠴᠡ ᠪᠠᠨ ᠴᠢᠨᠠᠭᠰᠢᠳᠠ ᠥᠷᠭᠡᠳᠬᠡᠵᠦ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠢ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠴᠢᠳᠠᠪᠤᠷᠢ ᠶᠢ ᠥᠷᠭᠡᠳᠬᠡᠬᠦ ᠪᠠᠷ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃    ᠢᠦᠢ ᠵᠢᠢ ᠱᠦᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠪᠠᠲᠤ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号