7 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠶ ᠵᠢᠶ ᠱᠦᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠲᠥᠷᠥᠯ ᠵᠦᠢᠯ ᠪᠠ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | ᠢᠦᠢ ᠵᠢᠢ ᠱᠦᠨ ᠤᠷᠢᠳ ᠬᠤᠵᠢᠳ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ | ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠤᠳᠤ | ᠦᠶ᠎ᠡ ᠶᠢᠨ ᠮᠠᠯ ᠠᠵᠤ ᠠᠬᠤᠢ ᠶᠢᠨ ᠢᠨᠵᠧᠨᠧᠷᠢᠩ ᠤᠨ ᠰᠠᠯᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠭᠠᠯ ᠤᠨᠲᠠᠷᠠᠭᠠᠬᠤ ᠠᠵᠤ ᠦᠢᠯᠡᠰ ᠤᠨ | ᠳᠡᠭᠡᠳᠦ ᠰᠤᠷᠭᠠᠭᠤᠯᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ | ᠰᠢᠨᠵᠢᠯᠡᠭᠡᠨ ᠤ ᠰᠠᠯᠠᠭ᠎ᠠ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ | | ᠢᠦᠢ ᠵᠢᠢ ᠱᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠷᠢᠯᠭ᠎ᠠ ᠶᠢᠨ ᠨᠢᠭᠡᠴᠢ ᠶᠢᠨ ᠬᠢᠨ | ᠬᠠᠷᠢᠭᠤᠴᠠᠯᠭ᠎ᠠ ᠪᠠᠨ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠠᠵᠢᠯᠳᠠᠨ᠂ ᠮᠠᠲᠧᠷᠢᠶᠠᠯ᠂ ᠮᠠᠰᠢᠨ ᠮᠧᠬᠠᠨᠢᠭ ᠵᠡᠷᠭᠡ ᠶᠢᠨ | ᠣᠷᠣᠭᠤᠯᠤᠯᠲᠠ ᠪᠠᠨ ᠨᠡᠮᠡᠭᠳᠡᠭᠦᠯᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ | ᠠᠷᠭ᠎ᠠ ᠪᠦᠬᠦᠨ ᠢ ᠰᠦᠪᠡᠭᠴᠢᠯᠡᠨ ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠬᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡ ᠪᠦᠳᠦᠬᠡᠨ ᠪᠠᠶᠢᠭᠤᠯᠬᠤ᠂ ᠡᠷᠲᠡ ᠬᠡᠷᠡᠭᠯᠡᠬᠦ᠂ ᠡᠷᠲᠡ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠢᠦᠶ ᠵᠢᠶ ᠱᠦᠨ ᠴᠢᠬᠤᠯᠠᠴᠢᠯᠠᠭᠰᠠᠨ ᠨᠢ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠶᠢᠷᠢ | ᠲᠣᠭᠲᠠᠭᠠᠯᠲᠠ ᠪᠠ ᠲᠤᠰᠬᠠᠶ ᠮᠡᠷᠭᠡᠵᠢᠯ ᠤᠨ ᠣᠨᠴᠠᠯᠢᠭ ᠲᠠᠢ ᠤᠶᠠᠯᠳᠤᠭᠤᠯᠤᠨ᠂ ᠠᠵᠢᠯ ᠮᠡᠷᠭᠡᠵᠢᠯ ᠤᠨ ᠵᠢᠩᠬᠢᠨᠢ | ᠠᠩᠭᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠶ ᠰᠤᠳᠤᠯᠵᠤ᠂ ᠣᠯᠠᠨ ᠠᠷᠭ᠎ᠠ | ᠮᠠᠶ᠋ᠢᠭ᠂ ᠣᠯᠠᠨ ᠲᠠᠰ ᠳᠠᠪᠬᠤᠷᠭ᠎ᠠ ᠶᠢᠨ ᠰᠤᠷᠭᠠᠭᠤᠯᠢ ᠠᠵᠤ ᠠᠬᠤᠶᠢᠯᠠᠯ ᠤᠨ ᠬᠠᠮᠵᠢᠯᠴᠠᠨ ᠦᠢᠯᠡᠳᠦᠯᠭᠡᠵᠢᠭᠦᠯᠦᠭᠰᠡᠨ | ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠠᠵᠢᠯ ᠤᠨ ᠪᠠᠶᠢᠷᠢ ᠶᠢᠨ | ᠬᠢᠴᠢᠶᠡᠯ ᠤᠷᠤᠯᠳᠤᠭᠠᠨ ᠤ ᠦᠨᠡᠮᠯᠡᠯ︾ ᠤᠨ ᠨᠢᠭᠲᠠ ᠠᠭᠤᠰᠤᠯᠴᠠᠯ ᠢ ᠴᠢᠩᠭᠠᠷᠠᠭᠤᠯᠤᠨ᠂ ᠥᠨᠳᠥᠷ ᠬᠡᠪ | ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠦᠰᠦᠨ ᠪᠤᠶᠢᠵᠢᠬᠤ ᠵᠠᠮ ᠢ ᠪᠠᠶᠢᠭᠤᠯᠵᠤ᠂ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ᠂ ᠠᠵᠤ ᠦᠶ᠋ᠯᠡᠰ ᠤᠨ ᠬᠡᠯᠬᠢᠶ᠎ᠡ ᠶᠢᠨ ᠬᠤᠭᠤᠷᠣᠨᠳᠣᠬᠢ ᠪᠦᠲᠦᠮᠵᠢᠲᠡᠶ ᠵᠣᠯᠭᠠᠯᠳᠤᠯ ᠢ | ᠠᠬᠢᠭᠤᠯᠤᠨ᠎ᠠ᠃ ᠲᠠᠪᠴᠠᠩ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠵᠡᠷᠭᠡ ᠶᠡᠭᠡ | ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠠᠰ | ᠳᠠᠪᠬᠤᠷᠭ᠎ᠠ ᠪᠠᠨ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠬᠠᠮᠲᠤ ᠪᠠᠷ | ᠪᠠᠶᠢᠭᠤᠯᠬᠤ᠂ ᠪᠠᠭᠰᠢ ᠰᠣᠷᠣᠭᠴᠢ ᠬᠠᠷᠢᠯᠴᠠᠨ ᠲᠣᠮᠢᠯᠠᠵᠤ ᠰᠣᠯᠢᠯᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠪᠠ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ | ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠬᠢᠩᠭᠠᠨ ᠠᠶᠢᠮᠠᠭ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠬᠤ ᠬᠡᠷᠭᠡᠲᠡᠢ ᠭᠡᠪᠡ᠃ |