ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠬᠤᠷᠢᠨ ᠨᠠᠶᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/30
   7 ᠰᠠᠷ᠎ᠠ ᠶᠢᠨ 29 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ  ᠤᠨ ᠣᠷᠳᠣᠨ ᠤ ᠬᠤᠷᠢᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠶᠢᠨ ᠱᠠᠩ ᠯᠦᠸᠧ ᠬᠤᠲᠠ ᠶᠢᠨ ᠵᠠᠱᠦ᠋ᠢ ᠰᠢᠶᠠᠨ ᠤ ᠬᠢᠯᠢ ᠳᠣᠲᠣᠷᠠᠬᠢ ᠨᠢᠭᠡ ᠲᠦᠷᠭᠡᠨ ᠤ ᠵᠠᠮ ᠤᠨ ᠬᠥᠭᠦᠷᠭᠡ ᠨᠤᠷᠠᠭᠰᠠᠨ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ  ᠤᠨ ᠵᠣᠷᠢᠭ ᠰᠠᠨᠠᠭ᠎ᠠ᠂ ᠪᠠᠰᠠ ᠪᠦᠬᠦ ᠰᠢᠶᠠᠨ ᠤ ᠦᠶᠡᠷ ᠢ ᠰᠡᠷᠭᠡᠶᠢᠯᠡᠬᠦ ᠶᠢ ᠰᠣᠨᠣᠰᠤᠨ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠬᠢᠴᠠ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ᠂ ᠰᠣᠶᠣᠯ ᠵᠢᠭᠤᠯᠴᠢᠯᠠᠯ ᠵᠡᠷᠭᠡ ᠠᠵᠢᠯ  ᠤᠨ ᠬᠠᠷᠢᠭᠤ ᠮᠡᠳᠡᠭᠦᠯᠦᠯᠲᠡ᠂ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ 2023 ᠣᠨ  ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ ᠬᠢᠨᠠᠨ ᠰᠢᠯᠭᠠᠵᠤ ᠦᠨᠡᠯᠡᠨ ᠵᠢᠱᠢᠵᠦ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ  ᠰᠤᠳᠤᠯᠠᠪᠠ᠃ 2024 ᠣᠨ  ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠭᠠᠰᠤᠨ ᠤ ᠬᠠᠪᠰᠤᠷᠤᠨ ᠲᠡᠳᠬᠦᠬᠦ ᠪᠡᠯᠡ ᠮᠥᠩᠭᠦ ᠬᠡᠷᠡᠭᠵᠢᠭᠦᠯᠬᠦ ᠲᠥᠷᠥᠯ ᠵᠦᠢᠯ ᠵᠡᠷᠭᠡ ᠤᠴᠢᠷ᠂《 ᠲᠦᠴᠢᠦᠸᠠᠨ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷ  ᠤᠨ 2024 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ 》᠂《 ᠲᠦᠴᠢᠦᠸᠠᠨ ᠰᠢᠶᠠᠨ ᠤ ᠪᠠᠷᠢᠯᠭ᠎ᠠ ᠶᠢᠨ ᠬᠤᠭ ᠨᠣᠪᠰᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠥᠯᠥᠪᠵᠢᠭᠦᠯᠭᠡ 》ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠂ 2024 ᠣᠨ ᠤ 4 - 6 ᠳ᠋ᠤᠭᠠᠷ ᠰᠠᠷ᠎ᠠ  ᠳᠤ ᠶᠡᠭᠡ ᠲᠣᠭᠠᠨ ᠤ ᠪᠠᠯᠠ ᠮᠥᠩᠭᠦ ᠬᠡᠷᠡᠭᠯᠡᠭᠰᠡᠨ 16 ᠰᠠᠷ᠎ᠠ ᠳᠤ ᠳᠡᠭᠡᠭᠰᠢ ᠪᠠᠨ ᠪᠠᠯᠠ ᠮᠥᠩᠭᠦ ᠣᠯᠤᠭᠰᠠᠨ ᠵᠡᠷᠭᠡ ᠪᠠᠶᠢᠳᠠᠯ ᠢ ᠵᠠᠷᠯᠠᠨ ᠮᠡᠳᠡᠭᠳᠡᠪᠡ᠃    ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠳᠤ ᠶᠠᠭ《 ᠲᠤᠯᠤᠭᠠᠨ ᠰᠠᠷ᠎ᠠ ᠶᠢᠨ ᠰᠡᠭᠦᠯᠴᠢ ᠨᠠᠶᠮᠠᠨ ᠰᠠᠷ᠎ᠠ  ᠶᠢᠨ ᠡᠬᠢᠨ 》 ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠡᠯ᠎ᠡ ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠤᠷᠠᠬᠤ ᠠᠶᠤᠯᠲᠠᠶ ᠬᠡᠷ ᠪᠠᠶᠢᠰᠢᠩ᠂ ᠤᠰᠤᠨ ᠴᠥᠭᠦᠷᠥᠮ᠂ ᠠᠭᠤᠯᠠᠨ ᠦᠶᠡᠷ ᠤᠨ ᠭᠤᠤ᠂ ᠬᠤᠲᠠ ᠶᠢᠨ ᠤᠰᠤ ᠬᠤᠷᠠᠭᠰᠠᠨ ᠵᠠᠮ ᠤᠨ ᠬᠡᠰᠡᠭ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ ᠤ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠠᠷᠢᠯᠭᠠᠬᠤ ᠪᠡᠯᠡᠳᠬᠡᠮᠵᠢ᠂ ᠲᠠᠯᠠᠪᠤᠷ ᠭᠠᠵᠠᠷ ᠢ ᠵᠦᠢ ᠵᠣᠬᠢᠰᠲᠠᠶ ᠪᠠᠶᠢᠷᠢᠯᠠᠭᠤᠯᠬᠤ ᠪᠠ ᠪᠦᠲᠦᠭᠡᠨ ᠪᠠᠶᠢᠭᠤᠯᠵᠤ᠂ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠵᠦᠶᠯ ᠳᠠᠷᠠᠭᠠᠯᠠᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠤ《 ᠲᠠᠪᠤ ᠶᠢ ᠠᠬᠢᠭᠤᠯᠬᠤ 》ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠵᠢᠷᠭᠤᠭᠠᠨ《 ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ 》 ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠪᠦᠬᠦ ᠰᠢᠶᠠᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ᠂ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ᠂ ᠪᠣᠯᠪᠠᠰᠤᠷᠠᠯ ᠵᠡᠷᠭᠡ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ ᠶᠠᠰᠤ ᠴᠢᠨᠠᠷ ᠤᠨ ᠠᠮᠤᠷ ᠲᠦᠪᠰᠢᠨ ᠢ ᠰᠠᠶᠢᠲᠤᠷ ᠠᠩᠬᠠᠷᠴᠤ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠵᠤᠭᠠᠴᠠᠯ ᠢ ᠳᠡᠭᠡᠭᠰᠢᠯᠡᠭᠦᠯᠬᠦ ᠰᠠᠭᠤᠷᠢ ᠴᠢᠨᠠᠷᠲᠠᠢ ᠠᠵᠢᠯ ᠢ ᠰᠠᠶᠢᠲᠤᠷ ᠲᠥᠯᠥᠪᠵᠢᠭᠦᠯᠵᠦ᠂ 《 ᠢᠳᠡᠬᠦ ᠬᠤᠨᠣᠬᠤ ᠵᠤᠭᠠᠴᠠᠬᠤ ᠬᠤᠳᠠᠯᠳᠤᠨ ᠠᠪᠬᠤ ᠵᠤᠭ᠎ᠠ ᠴᠡᠩᠭᠡᠯ 》 ᠵᠢᠷᠭᠤᠭᠠᠨ ᠶᠡᠭᠡ ᠡᠯᠧᠮᠧᠨ᠋ᠲ ᠤᠨ ᠲᠣᠭᠤᠷᠢᠨ ᠳᠤ ᠬᠡᠷᠡᠭᠯᠡᠭᠡᠨ ᠤ ᠵᠠᠬ᠎ᠠ ᠳᠡᠯᠭᠡᠭᠦᠷ ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ  ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠵᠢᠭᠤᠯᠴᠢᠯᠠᠯ ᠤᠨ ᠣᠶᠢᠯᠠᠭᠠᠯᠲᠠ ᠪᠠᠨ ᠳᠡᠭᠡᠭᠰᠢᠯᠡᠭᠦᠯᠬᠦ ᠬᠡᠷᠡᠭᠲᠡᠶ  ᠃    ᠬᠤᠷᠠᠯ ᠠᠴᠠ ᠪᠠᠰᠠ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ᠂ 《 ᠲᠠᠪᠤᠨ ᠶᠡᠭᠡ ᠡᠭᠦᠷᠭᠡ 》᠂ 《 ᠵᠢᠷᠭᠤᠭᠠᠨ ᠢᠨᠵᠧᠨᠧᠷᠢᠩ 》᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ  ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2024 ᠣᠨ ᠤ ᠰᠢᠶᠠᠨ ᠤ ᠵᠠᠰᠠᠭ ᠤᠨ ᠣᠷᠳᠣᠨ ᠤ ᠨᠠᠢᠮᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号