7 ᠰᠠᠷ᠎ᠠ ᠶᠢᠨ 28 ᠤ ᠡᠳᠦᠷ᠂ ᠲᠦᠴᠢᠦᠸᠠᠨ ᠰᠢᠶᠠᠨ ᠤ ︽ᠠᠭᠤᠯᠵᠠᠭ᠎ᠠ ᠥᠬᠡᠶ ᠤᠳᠠᠯ᠎ᠠ︾ ᠭᠡᠰᠡᠨ ᠴᠦᠨ | ᠵᠧᠦ ᠶᠢᠨ ᠫᠢᠸᠤ᠋ ᠬᠥᠭᠵᠢᠮ ᠤᠨ ᠤᠯᠠᠷᠢᠯ ᠡᠬᠢᠯᠡᠵᠦ᠂ ᠴᠦᠨ ᠵᠧᠦ ᠶᠢᠨ ᠡᠷᠲᠡᠨ ᠤ ᠬᠤᠲᠠ ᠳᠥᠷᠪᠡᠨ ᠵᠦᠭ ᠨᠠᠶᠮᠠᠨ | ᠵᠣᠪᠬᠢᠰ ᠤᠨ ᠵᠤᠭᠠᠴᠠᠭᠰᠠᠳ ᠢ ᠪᠠᠶᠠᠷᠯᠠᠨ ᠤᠭᠲᠤᠵᠤ᠂ ᠵᠣᠨ ᠤ ᠪᠠᠶᠠᠷ ᠢ ᠬᠠᠮᠲᠤ ᠪᠠᠷ ᠡᠳ᠋ᠯᠡᠪᠡ᠃ | | ᠡᠷᠲᠡᠨ ᠤ ᠬᠤᠲᠠ ᠶᠢᠨ ᠠᠭᠤᠳᠠᠮ ᠲᠠᠯᠠᠪᠠᠢ ᠳᠤ ᠲᠦᠭᠦᠷᠡᠲᠡᠯ᠎ᠡ ᠬᠥᠮᠦᠨ ᠰᠠᠭᠤᠵᠤ᠂ ᠡᠮᠦᠨᠡᠰᠢ ᠤᠮᠠᠷᠠᠰᠢ | ᠵᠣᠷᠴᠢᠬᠤ ᠵᠤᠭᠠᠴᠠᠭᠰᠠᠳ ᠫᠢᠸᠣ᠋ ᠤᠤᠭᠤᠵᠤ᠂ ᠠᠮᠲᠠᠲᠤ ᠢᠳᠡᠭᠡᠨ ᠢᠳᠡᠵᠦ᠂ ᠲᠠᠪᠤ ᠭᠤᠷᠪᠠᠨ ᠰᠠᠶᠢᠨ ᠨᠠᠶᠢᠵᠠ ᠪᠠᠨ | ᠳᠠᠭᠠᠭᠤᠯᠵᠤ᠂ ᠲᠤᠬᠠᠢ ᠶᠢᠨ ᠲᠠᠯᠠᠪᠠᠢ ᠶᠢᠨ ᠬᠠᠯᠠᠭᠤᠨ ᠠᠭᠤᠷ ᠠᠮᠢᠰᠬᠤᠯ ᠤᠨ ᠳᠤᠮᠳᠠ ᠬᠠᠨᠲᠠᠯ᠎ᠠ ᠤᠤᠭᠤᠵᠤ᠂ | ᠵᠣᠭᠤᠭ ᠳᠡᠯᠭᠡᠵᠦ᠂ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ᠂ ᠬᠥᠮᠦᠨ ᠢ ᠰᠣᠭᠲᠣᠷᠠᠭᠤᠯᠤᠮ᠎ᠠ ᠦᠵᠡᠮᠵᠢ | ᠳᠤᠮᠳᠠ ᠰᠣᠭᠲᠣᠭᠤᠷᠠᠨ᠎ᠠ᠃ | | ᠪᠤᠤ ᠱᠢ ᠪᠠᠯᠭᠠᠰᠤᠨ ᠤ ᠳ᠋ᠦᠩ ᠭᠸᠦ ᠲᠣᠰᠬᠤᠨ ᠤ ᠯᠢᠦ ᠰᠢᠦ ᠯᠢ ᠴᠦᠨ ᠵᠧᠦ ᠶᠢᠨ ᠡᠷᠲᠡᠨ ᠤ ᠬᠤᠲᠠ ᠶᠢᠨ | ᠫᠢᠸᠤ᠋ ᠶᠢᠨ ᠤᠯᠠᠷᠢᠯ ᠤᠨ ᠬᠥᠳᠡᠯᠭᠡᠭᠡᠨ ᠪᠠᠶᠢᠬᠤ ᠶᠢ ᠰᠣᠨᠣᠰᠤᠭᠠᠳ᠂ ᠥᠷᠯᠥᠭᠡ ᠡᠷᠲᠡ ᠭᠡᠷ ᠤᠨ ᠬᠥᠮᠦᠰ ᠢᠶᠠᠨ | ᠳᠠᠭᠠᠭᠤᠯᠤᠨ ᠠᠳᠡ ᠢᠷᠡᠪᠡ᠃ | | | | | | ︽ᠡᠩ ᠲᠡᠷᠢᠭᠦᠨ ᠳᠤ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠪᠠ᠂ ᠡᠭᠦᠨ ᠠᠴᠠ | ᠭᠠᠳᠠᠨ᠎ᠠ ᠮᠠᠨ ᠤ ᠠᠷᠠᠳ ᠢᠷᠭᠡᠳ ᠠᠳᠡ ᠢᠷᠡᠵᠦ ᠦᠵᠡᠮᠵᠢ ᠰᠣᠨᠢᠷᠬᠠᠵᠤ ᠪᠣᠯᠬᠤ ᠪᠥᠭᠡᠳ ᠠᠳᠡᠬᠢ ᠠᠮᠲᠠᠲᠤ | ᠢᠳᠡᠭᠡᠨ ᠢ ᠴᠦ ᠠᠮᠲᠠᠯᠠᠵᠤ ᠪᠣᠯᠤᠨ᠎ᠠ᠃︾ ᠭᠡᠵᠦ ᠯᠢᠦ ᠰᠢᠦ ᠯᠢ ᠪᠠᠶᠠᠷᠲᠠᠶ ᠪᠠᠷ ᠬᠡᠯᠡᠪᠡ᠃ | | | | | | ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠠᠮᠲᠠᠲᠤ ᠠᠷᠢᠬᠢ ᠠᠴᠠ ᠭᠠᠳᠠᠨ᠎ᠠ᠂ ᠪᠠᠰᠠ ᠭᠤᠶᠢᠳᠠ ᠰᠠᠶᠢᠬᠠᠨ | ᠳᠠᠭᠤᠤ ᠬᠥᠭᠵᠢᠮ᠂ ᠪᠥᠵᠢᠭ᠂ ᠶᠠᠷᠢᠶᠠᠨ ᠤ ᠠᠪᠢᠶᠠᠰ ᠵᠡᠷᠭᠡ ᠲᠣᠭᠯᠠᠯᠲᠠ᠂ DJ ᠪᠠᠭᠰᠢ ᠠ ᠶᠦᠩ᠂ ᠪᠦᠸᠧ | ᠪᠦᠸᠧ ᠬᠥᠭᠵᠢᠮ ᠤᠨ ᠪᠦᠯᠬᠦᠮ᠂ ᠰᠢᠶᠠᠨ ᠤ ᠤᠯᠠᠭᠠᠨᠮᠥ᠋ᠴᠢᠷ᠂ ᠬᠡᠩᠭᠡᠷᠭᠡ ᠬᠥᠭᠵᠢᠮ ᠤᠨ ᠰᠤᠷᠭᠠᠭᠤᠯᠢ᠂ ᠤᠮᠠᠷᠠᠲᠤ | ᠲᠤᠶᠢᠯ ᠤᠨ ᠬᠡᠷᠡᠯ ᠤᠨ ᠪᠥᠵᠢᠭ ᠤᠨ ᠰᠤᠷᠭᠠᠭᠤᠯᠢ ᠪᠣᠯᠤᠨ ᠯᠠᠩ ᠷᠦᠨ ᠰᠢᠩ ᠬᠡᠷᠡᠯ ᠤᠨ ᠤᠷᠠᠯᠢᠭ ᠤᠨ ᠲᠥᠪ ᠤᠨ | ᠠᠪᠴᠢᠷᠠᠭᠰᠠᠨ ᠭᠤᠶᠢᠳᠠ ᠰᠠᠶᠢᠬᠠᠨ ᠲᠣᠭᠯᠠᠯᠲᠠ ᠨᠢ ᠫᠢᠸᠤ᠋ ᠶᠢᠨ ᠤᠯᠠᠷᠢᠯ ᠳᠤ ᠭᠤᠶᠢᠳᠠ ᠰᠠᠶᠢᠬᠠᠨ ᠦᠵᠡᠵᠦ | ᠰᠣᠨᠣᠰᠬᠤ ᠦᠪᠡᠳᠡᠭᠰᠢ ᠨᠠᠶᠢᠷ ᠪᠣᠯᠤᠭᠰᠠᠨ ᠪᠠᠶᠢᠨ᠎ᠠ᠃ ᠬᠥᠲᠥᠯᠥᠭᠴᠢ ᠲᠤᠬᠠᠶ ᠶᠢᠨ ᠲᠠᠯᠠᠪᠤᠷ ᠲᠤ ᠦᠵᠡᠭᠴᠢᠳ ᠢ | ᠤᠷᠢᠨ ᠲᠠᠶᠢᠰᠠᠨ ᠳᠤ ᠭᠠᠷᠴᠤ ᠲᠣᠭᠯᠠᠭᠠᠮ ᠤᠨ ᠰᠣᠯᠢᠯᠴᠠᠭ᠎ᠠ ᠬᠢᠵᠦ᠂ ᠵᠢᠭᠤᠯᠴᠢᠳ ᠲᠤ ᠡᠨᠡ ᠤᠳᠠᠭᠠᠨ ᠤ ᠫᠢᠸᠤ᠋ | ᠶᠢᠨ ᠦᠪᠡᠳᠡᠭᠰᠢ ᠨᠠᠶᠢᠷ ᠤᠨ ᠪᠠᠶᠠᠷ ᠪᠠᠶᠠᠰᠤᠯ ᠢ ᠪᠡᠶᠡᠴᠢᠯᠡᠨ ᠮᠡᠳᠡᠷᠡᠭᠦᠯᠪᠡ᠃ ᠰᠣᠷᠭᠤᠭ ᠰᠠᠶᠢᠬᠠᠨ ᠫᠢᠸᠣ᠋᠂ | ᠭᠤᠶᠢᠳᠠ ᠰᠠᠶᠢᠬᠠᠨ ᠠᠮᠢᠵᠢᠷᠠᠯ ᠤᠨ ᠬᠦᠴᠦᠨ ᠲᠠᠢ ᠲᠣᠭᠯᠠᠯᠲᠠ᠂ ᠰᠣᠩᠭᠤᠳᠠᠭ ᠣᠨᠴᠠᠯᠢᠭ ᠲᠠᠢ ᠠᠮᠲᠠᠲᠤ ᠢᠳᠡᠭᠡᠨ | ᠨᠢ ᠲᠤᠬᠠᠢ ᠶᠢᠨ ᠲᠠᠯᠠᠪᠠᠢ ᠳᠤ ᠢᠷᠡᠭᠰᠡᠨ ᠵᠤᠭᠠᠴᠠᠭᠰᠠᠳ ᠢ ᠰᠣᠭᠲᠣᠭᠤᠷᠠᠭᠤᠯᠵᠤ᠂ ᠴᠦᠨ ᠵᠸᠤ ᠶᠢᠨ ᠡᠷᠲᠡᠨ ᠤ | ᠬᠤᠳᠠ ᠶᠢᠨ ᠬᠠᠯᠠᠮᠰᠢᠯ ᠢ ᠦᠷᠭᠦᠯᠵᠢᠯᠡᠨ ᠨᠡᠮᠡᠭᠳᠡᠭᠦᠯᠵᠦ᠂ ᠵᠤᠨ ᠤ ᠤᠯᠠᠷᠢᠯ ᠤᠨ ᠣᠷᠭᠢᠯᠤᠮ᠎ᠠ ᠰᠡᠳᠬᠢᠯᠭᠡ ᠶᠢ ᠪᠦᠬᠦ | ᠲᠠᠯ᠎ᠠ ᠪᠠᠷ ᠬᠥᠭᠵᠢᠭᠡᠪᠡ᠃ | | ︽ᠥᠨᠥᠳᠦᠷ ᠠᠪᠤ ᠡᠵᠢ ᠨᠠᠮ᠎ᠠ ᠶᠢ ᠪᠤᠤ ᠱᠢ ᠳᠤ ᠳᠠᠭᠠᠭᠤᠯᠵᠤ ᠢᠷᠡᠭᠡᠳ᠂ ᠪᠢ ᠮᠠᠰᠢ ᠣᠯᠠᠨ ᠭᠤᠶᠤ | ᠰᠠᠶᠢᠬᠠᠨ ᠢ ᠦᠵᠡᠵᠦ᠂ ᠠᠮᠲᠠᠲᠠᠢ ᠶᠠᠭᠤᠮ᠎ᠠ ᠢᠳᠡᠵᠦ᠂ ᠦᠨᠡᠬᠡᠷ ᠪᠠᠶᠠᠷᠲᠠᠢ ᠪᠠᠶᠢᠨ᠎ᠠ᠂ ᠲᠡᠶᠢᠮᠦ ᠮᠥᠷᠲᠡᠭᠡᠨ ᠵᠤᠨ ᠤ | ᠠᠮᠠᠷᠠᠯᠲᠠ ᠶᠢᠨ ᠬᠤᠭᠤᠴᠠᠭᠠᠨ ᠳᠤ ᠲᠠᠭᠠᠷᠠᠵᠠᠢ᠃︾ ᠭᠡᠵᠦ ᠢᠦ᠋ᠢ ᠶᠠᠩ ᠷᠦᠢ ᠽᠧ ᠬᠡᠯᠡᠪᠡ᠃ | | ᠡᠭᠦᠨ ᠢᠶᠠᠷ ᠪᠠᠷᠠᠬᠤ ᠦᠭᠡᠢ᠂ ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠲᠤ᠂ | ᠲᠦᠴᠢᠦᠸᠠᠨ ᠰᠢᠶᠠᠨ ᠤ ᠲᠤᠰ ᠭᠠᠵᠠᠷ ᠤᠨ ᠲᠠᠷᠢᠶᠠᠯᠠᠩ ᠤᠨ ᠣᠨᠴᠠ ᠪᠦᠲᠦᠭᠡᠭᠳᠡᠬᠦᠨ ᠴᠦ ᠴᠥᠭᠡᠨ ᠪᠤᠰᠤ | ᠵᠤᠭᠠᠴᠠᠭᠰᠠᠳ ᠤᠨ ᠠᠩᠬᠠᠷᠤᠯ ᠢ ᠲᠠᠲᠠᠵᠠᠢ᠃ | | ︽ᠪᠢ ᠡᠨᠡ ᠥᠷᠯᠥᠭᠡ ᠶᠢᠨ 7 ᠴᠠᠭ ᠭᠠᠷᠤᠶ ᠳᠤ ᠬᠦᠷᠴᠦ ᠢᠷᠡᠪᠡ᠂ ᠨᠡᠶᠢᠲᠡ 10 ᠭᠠᠷᠤᠶ ᠵᠦᠶᠯ ᠤᠨ ᠮᠠᠨ | ᠤ ᠬᠤᠷᠰᠢᠶ᠎ᠠ ᠶᠢᠨ ᠥᠪᠡᠷ ᠢᠶᠠᠨ ᠦᠶᠯᠡᠳᠪᠦᠷᠢᠯᠡᠭᠰᠡᠨ ᠪᠤᠭᠤ ᠶᠢᠨ ᠪᠦᠲᠦᠭᠡᠭᠳᠡᠬᠦᠨ ᠢ ᠠᠪᠴᠢᠷᠠᠵᠠᠶ᠃ ᠡᠨᠡ | ᠤᠳᠠᠭᠠᠨ ᠤ ᠠᠵᠢᠯᠯᠠᠭ᠎ᠠ ᠮᠠᠰᠢ ᠰᠠᠶᠢᠨ ᠶᠠᠪᠤᠭᠳᠠᠵᠤ ᠪᠠᠶᠢᠨ᠎ᠠ᠂ ᠡᠶᠢᠮᠦ ᠰᠠᠶᠢᠨ ᠵᠠᠭᠤᠴᠢ ᠶᠢᠨ ᠵᠠᠪᠰᠢᠶᠠᠨ ᠢᠶᠠᠷ ᠨᠠᠩ | ᠣᠯᠠᠨ ᠬᠥᠮᠦᠨ ᠮᠠᠨ ᠤ ᠪᠤᠤ ᠱᠢ ᠶᠢᠨ ᠱᠣᠤ ᠪᠤᠭᠤ ᠶᠢ ᠣᠶᠢᠯᠠᠭᠠᠵᠤ᠂ ᠥᠪᠡᠷ ᠤᠨ ᠲᠠᠷᠢᠶᠠᠯᠠᠩ ᠤᠨ | ᠪᠦᠲᠦᠭᠡᠭᠳᠡᠬᠦᠨ ᠢᠶᠠᠨ ᠣᠶᠢᠯᠠᠭᠠᠬᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠶᠠᠨᠴᠢᠤᠸᠠᠨ ᠤ ᠱᠤᠤ | ᠪᠤᠭᠤ ᠶᠢᠨ ᠣᠨᠴᠠ ᠲᠥᠷᠥᠯ ᠤᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠰᠢᠤᠢ ᠺᠧ ᠶᠠᠨ ᠰᠡᠳᠬᠢᠯ | ᠳᠣᠭᠳᠣᠯᠤᠨ ᠬᠡᠯᠡᠪᠡ᠃ | | ᠲᠣᠰ ᠤᠳᠠᠭᠠᠨ ᠤ ᠫᠢᠸᠤ᠋ ᠶᠢᠨ ᠤᠯᠠᠷᠢᠯ ᠢ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠶᠯᠡᠰ | ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ | ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠠᠵᠢᠯᠯᠠᠭ᠎ᠠ ᠶᠢ ᠬᠡᠭᠡᠷ᠎ᠡ ᠪᠠᠭᠤᠳᠠᠯᠯᠠᠬᠤ ᠰᠢᠷᠠᠯᠠᠭ᠎ᠠ᠂ ᠴᠠᠬᠢᠯᠭᠠᠨ | ᠲᠠᠭᠤᠨ ᠤ ᠨᠠᠶᠢᠷ᠂ ᠰᠡᠯᠡᠭᠦᠴᠡᠯ ᠵᠤᠭ᠎ᠠ ᠴᠡᠩᠭᠡᠯ᠂ ᠰᠣᠨᠢᠷᠬᠠᠯᠲᠤ ᠦᠶᠯᠡᠳᠦᠯᠴᠡᠯ᠂ ᠳᠠᠭᠤᠤ ᠬᠥᠭᠵᠢᠮ ᠤᠨ | ᠲᠣᠭᠯᠠᠯᠲᠠ ᠵᠡᠷᠭᠡ ᠣᠯᠠᠨ ᠵᠦᠶᠯ ᠤᠨ ᠡᠯᠧᠮᠧᠨ᠋ᠲ ᠲᠠᠢ ᠠᠭᠤᠰᠤᠯᠴᠠᠭᠤᠯᠵᠤ᠂ ᠥᠷᠭᠡᠨ ᠣᠯᠠᠨ ᠵᠤᠭᠠᠴᠠᠭᠰᠠᠳ ᠲᠤ | ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ ᠤᠨ ᠨᠢᠭᠡ ᠯᠡ | ᠥᠷᠲᠡᠭᠡᠨ ᠤ ᠮᠠᠶ᠋ᠢᠭ ᠤᠨ ᠣᠶᠢᠯᠠᠭᠠᠯᠲᠠ ᠬᠠᠩᠭᠠᠵᠤ᠂ ᠡᠷᠲᠡᠨ ᠤ ᠬᠤᠲᠠ ᠶᠢᠨ ᠠᠭᠠᠭᠢᠮ᠎ᠠ ᠬᠠᠯᠠᠭᠤᠨ ᠵᠣᠨ ᠤ | ᠡᠳᠦᠷ ᠤᠳ ᠲᠤ ᠬᠢᠵᠠᠭᠠᠯᠠᠰᠢ ᠥᠬᠡᠶ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | |