ᠲᠦᠴᠢᠦᠸᠠᠨ ᠪᠠᠯᠭᠠᠰᠤ ᠤᠨᠴᠠᠯᠢᠬᠳᠤ ᠠᠵᠤ ᠦᠢᠯᠡᠰ ᠤᠨ ᠠᠯᠬᠤᠮ ᠯᠠᠪᠳᠠᠭᠤᠨ ᠪᠠᠶᠢᠵᠦ᠂ ᠪᠠᠶᠠᠵᠢᠨ ᠴᠢᠨᠡᠭᠡᠯᠢᠭᠵᠢᠬᠦ ᠳᠤ ᠪᠠᠳᠤᠯᠠᠭ᠎ᠠ ᠲᠠᠢ
ᠨᠡᠶᠢᠲᠡᠯᠡᠭᠰᠡᠨ ᠴᠠᠭ᠄
2024/7/30
   ᠵᠤᠨ ᠤ ᠳᠡᠯᠭᠡᠷ ᠴᠠᠭ ᠲᠤ ᠬᠥᠮᠦᠨ ᠠᠮᠠᠷᠠᠬᠤ ᠦᠭᠡᠢ᠂ ᠭᠠᠵᠠᠷ ᠠᠲᠠᠷᠰᠢᠬᠤ ᠦᠭᠡᠢ᠃ ᠲᠦᠴᠢᠦᠸᠠᠨ ᠪᠠᠯᠭᠠᠰᠤᠨ ᠤ ᠰᠢ ᠯᠢᠦ ᠲᠣᠭᠤᠷᠢᠭ ᠲᠤ᠂ ᠲᠠᠷᠢᠶᠠᠨ ᠭᠠᠵᠠᠷ ᠲᠤ ᠬᠥᠮᠦᠨ ᠬᠠᠷ᠎ᠠ ᠴᠤᠭᠯᠠᠷᠠᠨ᠂ ᠲᠠᠷᠢᠬᠴᠢᠳ ᠪᠣᠷᠣ ᠰᠠᠷᠢᠮᠰᠠᠭ ᠲᠡᠭᠦᠵᠦ ᠬᠤᠷᠢᠶᠠᠬᠤ ᠶᠠᠭᠠᠷᠠᠯᠲᠠᠢ ᠪᠠᠶᠢᠳᠠᠯ ᠭᠠᠵᠠᠷ ᠰᠠᠢ ᠦᠭᠡᠢ ᠬᠠᠷᠠᠭᠳᠠᠨ᠎ᠠ᠂ ᠲᠠᠷᠢᠬᠴᠢᠳ ᠰᠠᠷᠢᠮᠰᠠᠭ ᠲᠡᠭᠦᠵᠦ᠂ ᠬᠠᠯᠢᠰᠤ ᠶᠢ ᠨᠢ ᠱᠠᠭᠠᠯᠵᠤ᠂ ᠤᠶᠠᠵᠤ ᠬᠦᠯᠢᠵᠦ ᠶᠠᠭᠠᠷᠠᠨ᠂ ᠭᠡᠷ  ᠪᠦᠯᠢ ᠶᠢᠨ ᠬᠦᠷᠢᠶᠡᠨ ᠳᠤ ᠲᠡᠷᠢ ᠲᠡᠭᠰᠢ ᠲᠠᠯᠪᠢᠭᠰᠠᠨ ᠬᠦᠷᠡᠩ ᠰᠠᠷᠢᠮᠰᠠᠭ ᠬᠠᠷᠠᠭᠳᠠᠵᠤ᠂ ᠪᠦᠬᠦ ᠲᠣᠰᠬᠤᠨ ᠢᠶᠠᠷ ᠢᠶᠠᠨ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠨ᠎ᠡ᠃
   ︽ᠪᠢ ᠡᠨᠡ ᠵᠢᠯ 18 ᠮᠦ ᠲᠠᠷᠢᠪᠠ᠂ ᠨᠢᠭᠡ ᠮᠦ ᠲᠠᠷᠢᠶ᠎ᠠ 300 ᠰᠢᠷᠬᠡᠭ ᠬᠤᠷᠢᠶᠠᠵᠤ᠂ ᠡᠨᠡ ᠵᠢᠯ ᠤᠨ ᠦᠨ᠎ᠡ ᠬᠠᠩᠰᠢ ᠪᠠᠰᠠ ᠨᠡᠯᠢᠶᠡᠳ ᠵᠦᠭᠡᠷ᠂ ᠵᠢᠩ ᠳᠡᠭᠡᠨ 7 ᠲᠥᠭᠦᠷᠢᠭ ᠣᠷᠴᠢᠮ ᠬᠦᠷᠴᠦ᠂ ᠨᠢᠭᠡ ᠮᠦ ᠲᠠᠷᠢᠶ᠎ᠠ ᠠᠴᠠ 1 ᠲᠦᠮᠡ ᠭᠠᠷᠤᠢ ᠲᠥᠭᠦᠷᠢᠭ ᠤᠷᠤᠯᠭ᠎ᠠ ᠲᠠᠢ᠃︾ ᠭᠡᠵᠦ ᠲᠦᠴᠢᠦᠸᠠᠨ ᠪᠠᠯᠭᠠᠰᠤᠨ ᠤ ᠰᠢ ᠯᠢᠦ ᠲᠣᠰᠬᠤᠨ ᠤ ᠠᠷᠠᠳ ᠸᠠᠩ ᠵᠢᠶᠠᠨ ᠵᠢᠶᠦ᠋ᠨ ᠤᠶᠠᠭᠰᠠᠨ ᠰᠠᠷᠢᠮᠰᠠᠭ ᠢᠶᠠᠨ ᠪᠠᠷᠢᠵᠤ᠂ ᠡᠯᠪᠡᠭ ᠬᠤᠷᠢᠶᠠᠯᠲᠠ ᠶᠢᠨ ᠢᠨᠢᠶᠡᠮᠰᠦᠭᠯᠡᠯ ᠲᠣᠳᠣᠷᠠᠭᠤᠯᠪᠠ᠃
   ᠲᠦᠴᠢᠦᠸᠠᠨ ᠪᠠᠯᠭᠠᠰᠤ ᠳ᠋ᠠ ᠶᠢᠩᠽᠢ ᠲᠣᠰᠬᠤᠨ ᠤ ᠪᠣᠷᠣ ᠰᠠᠷᠢᠮᠰᠠᠭ ᠤᠨ ᠲᠠᠷᠢᠮᠠᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠡᠨᠡ ᠵᠢᠯ᠂ ᠪᠥᠬᠦ ᠲᠣᠰᠬᠤᠨ ᠳᠤ ᠨᠡᠶᠢᠲᠡ 110 ᠡᠷᠦᠬᠡ 300 ᠭᠠᠷᠤᠶ ᠮᠥ ᠪᠣᠷᠣ ᠰᠠᠷᠢᠮᠰᠠᠭ ᠳᠠᠷᠢᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠲᠣᠰᠬᠤᠨ ᠤ ᠮᠡᠷᠭᠡᠵᠢᠯ᠂ ᠲᠤᠷᠰᠢᠯᠭ᠎ᠠ  ᠲᠠᠢ᠂ ᠬᠡᠷ ᠲᠡᠭᠡᠨ ᠠᠵᠢᠯ ᠬᠦᠯᠢᠶᠡᠵᠦ ᠪᠠᠶᠢᠭ᠎ᠠ ᠴᠢᠳᠠᠪᠤᠷᠢᠲᠠᠨ ᠪᠣᠯᠤᠨ ︽ᠨᠤᠲᠤᠭ ᠤᠨ ᠲᠤᠰᠬᠠᠶ ᠮᠡᠷᠭᠡᠵᠢᠯᠲᠡᠨ︾  ᠢ ᠢᠳᠡᠪᠬᠢᠲᠡᠶ ᠤᠷᠢᠨ ᠬᠡᠷᠡᠭᠯᠡᠵᠦ᠂ ᠰᠠᠷᠢᠮᠰᠠᠭ ᠤᠨ ᠡᠭᠦᠯᠳᠡᠷ ᠢ ᠲᠣᠬᠢᠷᠠᠭᠤᠯᠬᠤ᠂ ᠳᠠᠷᠢᠬᠤ ᠪᠠ ᠲᠠᠷᠢᠶᠠᠨ ᠭᠠᠵᠠᠷ  ᠤᠨ ᠬᠠᠮᠢᠶᠠᠷᠤᠯᠲᠠ ᠶᠢ ᠥᠷᠨᠢᠭᠦᠯᠵᠦ᠂ ᠡᠮᠦᠨ᠎ᠡ ᠳᠤᠮᠳᠠ ᠡᠯ᠎ᠡ ᠱᠠᠲᠤᠨ ᠤ ᠪᠠᠲᠤᠯᠠᠭ᠎ᠠ ᠶᠢᠨ ᠠᠵᠢᠯ ᠢ ᠭᠦᠶᠴᠡᠳ ᠰᠠᠶᠢᠲᠤᠷ ᠬᠢᠪᠠ᠃
   ᠳ᠋ᠠ ᠶᠢᠩᠽᠢ ᠲᠣᠰᠬᠤᠨ ᠪᠣᠯ ᠬᠤᠯᠠ ᠤᠢᠢᠷ᠎ᠠ ᠳᠠᠭᠠᠨ ᠠᠯᠳᠠᠷᠰᠢᠭᠰᠠᠨ ︽ᠰᠠᠷᠢᠮᠰᠠᠭ ᠤᠨ ᠨᠤᠲᠤᠭ︾ ᠪᠣᠯᠤᠨ᠎ᠠ ᠂ ᠥᠪᠡᠷᠮᠢᠴᠡ ᠣᠨᠴᠠᠯᠢᠭ ᠲᠠᠢ ᠪᠦᠲᠦᠭᠡᠭᠳᠡᠬᠦᠨ ᠪᠣᠯᠬᠤ ᠬᠦᠷᠡᠩ ᠰᠠᠷᠢᠮᠰᠠᠭ ᠡᠯᠪᠡᠭ ᠭᠠᠷᠳᠠᠭ᠂ ᠰᠠᠷᠢᠮᠰᠠᠭ ᠤᠨ ᠬᠡᠯᠲᠡᠰ ᠨᠢ ᠶᠡᠭᠡ᠂ ᠬᠡᠯᠲᠡᠰ ᠨᠢ ᠪᠠᠭ᠎ᠠ᠂ ᠪᠡᠶ᠎ᠡ ᠨᠢ ᠲᠤᠮᠤ᠂ ᠰᠠᠷᠢᠮᠰᠠᠭ ᠤᠨ ᠰᠢᠭᠦᠰᠦ ᠨᠢ ᠥᠳᠬᠡᠨ᠂ ᠰᠠᠷᠢᠮᠰᠠᠭ  ᠤᠨ ᠠᠮᠲᠠ ᠨᠢ ᠭᠤᠱᠤᠭᠤᠨ᠂ ᠶᠠᠰᠤ ᠴᠢᠨᠠᠷ ᠰᠠᠶᠢᠨ᠂ ᠠᠮᠠᠷᠬᠠᠨ ᠤᠳᠠᠭᠠᠨ ᠬᠠᠳᠠᠭᠠᠯᠠᠭᠳᠠᠳᠠᠭ ᠵᠡᠷᠭᠡ ᠣᠨᠴᠠᠯᠢᠭ  ᠢᠶᠠᠷ ᠢᠶᠠᠨ ᠬᠤᠯᠠ ᠤᠢᠢᠷ᠎ᠠ ᠳᠠᠭᠠᠨ ᠨᠡᠷ᠎ᠡ ᠠᠯᠳᠠᠷᠰᠢᠵᠠᠢ᠃ 2020 ᠣᠨ ᠳᠤ᠂ ︽ᠰᠢ ᠯᠢᠦ ᠬᠦᠷᠡᠩ ᠰᠠᠷᠢᠮᠰᠠᠭ︾ ᠢ ᠲᠠᠷᠢᠶᠠᠯᠠᠩ ᠤᠨ ᠪᠦᠲᠦᠭᠡᠭᠳᠡᠬᠦᠨ ᠤ ᠤᠯᠤᠰ ᠤᠨ ᠭᠠᠵᠠᠷ ᠵᠦᠶ ᠶᠢᠨ ᠲᠡᠮᠳᠡᠭᠲᠦ ᠲᠠᠸᠠᠷ ᠤᠨ ᠲᠡᠮᠳᠡᠭ ᠢᠶᠠᠷ ᠠᠮᠵᠢᠯᠲᠠ ᠲᠠᠢ ᠳᠠᠩᠰᠠᠯᠠᠭᠤᠯᠪᠠ᠃ ᠤᠢᠢᠷ᠎ᠠ ᠶᠢᠨ ᠬᠡᠳᠦᠨ ᠵᠢᠯ ᠳᠤ᠂ ᠬᠦᠷᠡᠩ ᠰᠠᠷᠢᠮᠰᠠᠭ ᠤᠨ ᠦᠨ᠎ᠡ ᠨᠢ ᠥᠨᠳᠥᠷ ᠂ ᠭᠠᠷᠤᠯᠲᠠ᠂ ᠦᠢᠯᠡᠳᠬᠦᠨ ᠤ ᠦᠷᠳᠡᠭ ᠨᠢ ᠪᠦᠷ ᠰᠠᠶᠢᠨ᠂ ᠰᠠᠷᠢᠮᠰᠠᠭ ᠲᠠᠷᠢᠬᠴᠢ ᠶᠢᠨ ᠬᠦᠷᠡᠩ ᠰᠠᠷᠢᠮᠰᠠᠭ ᠲᠠᠷᠢᠬᠤ ᠢᠳᠡᠪᠬᠢᠵᠢᠯ ᠨᠢ ᠥᠨᠳᠥᠷ᠂ ᠲᠣᠰᠬᠤᠨ ᠤ ᠠᠶᠢᠯ ᠪᠣᠯᠭᠠᠨ ᠪᠠᠷᠤᠭ ᠯᠠ  ᠬᠦᠷᠡᠩ ᠰᠠᠷᠢᠮᠰᠠᠭ ᠲᠠᠷᠢᠵᠦ᠂ ᠲᠠᠷᠢᠬᠤ ᠲᠠᠯᠠᠪᠠᠢ ᠨᠢ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ ︽ᠮᠠᠨ ᠤ ᠲᠣᠰᠬᠤᠨ ᠤ ᠰᠠᠷᠢᠮᠰᠠᠭ ᠤᠨ ᠦᠷ᠎ᠡ ᠠᠰᠢᠭ ᠵᠢᠯ ᠠᠴᠠ ᠵᠢᠯ ᠰᠠᠶᠢᠨ ᠪᠠᠶᠢᠨ᠎ᠠ᠂ ᠲᠣᠰᠬᠤᠨ ᠤ ᠠᠷᠠᠳ ᠤᠨ ᠳᠠᠷᠢᠬᠤ ᠬᠦᠰᠡᠯ ᠡᠷᠡᠮᠡᠯᠵᠡᠯ ᠴᠦ ᠮᠠᠰᠢ ᠴᠢᠩᠭ᠎ᠠ ᠪᠠᠶᠢᠨ᠎ᠠ᠂ ᠲᠠᠷᠠᠭᠠᠴᠢ ᠶᠢᠨ ᠠᠯᠬᠤᠮ ᠳᠤ ᠪᠢᠳᠡ ᠬᠦᠷᠡᠩ ᠰᠠᠷᠢᠮᠰᠠᠭ ᠳᠠᠷᠢᠬᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠠᠩ ᠣᠯᠠᠨ ᠠᠷᠠᠳ ᠢᠷᠭᠡᠳ ᠢ ᠣᠷᠣᠭᠤᠯᠵᠤ᠂ ᠣᠯᠠᠨ ᠢ ᠳᠠᠭᠠᠭᠤᠯᠤᠨ ᠦᠷᠭᠦᠯᠵᠢᠯᠡᠨ ᠪᠠᠶᠠᠵᠢᠬᠤ ᠪᠠᠷ ᠪᠠᠶᠢᠨ᠎ᠠ᠃︾ ᠭᠡᠵᠦ ᠲᠦᠴᠢᠦᠸᠠᠨ ᠪᠠᠯᠭᠠᠰᠤᠨ ᠤ ᠳ᠋ᠠ ᠶᠢᠩᠽᠢ ᠲᠣᠰᠬᠤᠨ ᠤ ᠨᠠᠮ  ᠤᠨ ᠡᠭᠦᠷ ᠤᠨ ᠱᠦᠵᠢ ᠯᠢ ᠶᠠᠨ ᠵᠢᠶᠦ᠋ᠨ ᠬᠡᠯᠡᠪᠡ᠃ ᠲᠦᠴᠢᠦᠸᠠᠨ ᠪᠠᠯᠭᠠᠰᠤ ᠬᠦᠷᠢᠶ᠎ᠡ ᠬᠠᠰᠢᠶᠠᠨ ᠤ ᠠᠵᠤ ᠠᠬᠤᠶ  ᠶᠢ ᠬᠥᠭᠵᠢᠭᠦᠯᠬᠦ ᠪᠠᠷ ᠠᠵᠤ ᠦᠶᠯᠡᠰ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠪᠥᠬᠦ ᠪᠠᠯᠭᠠᠰᠤᠨ ᠤ ᠠᠶᠢᠯ ᠲᠣᠰᠬᠤᠨ ᠳᠤ ᠬᠦᠷᠢᠶ᠎ᠡ ᠬᠠᠰᠢᠶᠠᠨ ᠤ ᠠᠵᠤ ᠠᠬᠤᠶ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠨᠥᠬᠦᠴᠡᠯ ᠲᠣᠬᠢᠷᠠᠮᠵᠢᠲᠠᠶ ᠲᠠᠷᠢᠶᠠᠴᠢᠨ ᠡᠷᠦᠬᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠣᠷᠣ ᠰᠠᠷᠢᠮᠰᠠᠭ ᠳᠠᠷᠢᠬᠤ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠳᠠᠷᠢᠬᠤ᠂ ᠤᠯᠠᠮᠵᠢᠯᠠᠯᠲᠤ ᠮᠡᠷᠭᠡᠵᠢᠯ ᠢ ᠰᠠᠶᠢᠵᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠷᠣ ᠰᠠᠷᠢᠮᠰᠠᠭ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠷᠣ ᠰᠠᠷᠢᠮᠰᠠᠭ ᠭᠡᠬᠦ ᠡᠨᠡ ᠬᠦ ᠭᠠᠵᠠᠷ ᠵᠦᠶ ᠶᠢᠨ ᠲᠡᠮᠳᠡᠭᠲᠦ ᠨᠤᠲᠤᠭ ᠤᠨ ᠭᠠᠷᠤᠯᠲᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠪᠠ᠃ ᠬᠥᠳᠡᠭᠡ ᠲᠣᠰᠬᠤᠨ ᠤ ᠭᠡᠷ ᠪᠦᠯᠢ ᠶᠢᠨ ᠬᠦᠷᠢᠶ᠎ᠡ ᠬᠠᠰᠢᠶᠠᠨ ᠤ ︽ᠢᠮᠠᠬᠤ ᠶᠢᠨ ᠲᠡᠳᠦᠢ ᠭᠠᠵᠠᠷ︾ ᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ︽ᠪᠠᠶᠠᠵᠢᠯ ᠤᠨ ᠬᠦᠷᠢᠶᠡᠯᠡᠩ︾ ᠪᠣᠯᠭᠠᠨ ᠪᠦᠲᠦᠭᠡᠨ ᠪᠠᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号