ᠠᠰᠫᠢᠷᠠᠨᠲ ᠤᠨ ᠰᠤᠷᠤᠯᠭ᠎ᠠ ᠶᠢᠨ ᠬᠤᠭᠤᠴᠠᠭ᠎ᠠ ᠶᠢ ᠤᠷᠲᠤᠳᠬᠠᠨ᠎ᠡ ᠭᠡᠵᠦ ᠣᠯᠠᠨ ᠶᠡᠭᠡ ᠳᠡᠭᠡᠳᠦ ᠰᠤᠷᠭᠠᠭᠤᠯᠢ ᠠᠯᠪᠠᠨ ᠵᠠᠷᠯᠠᠯ ᠨᠡᠶᠢᠳᠡᠯᠡᠪᠡ︕
ᠨᠡᠶᠢᠲᠡᠯᠡᠭᠰᠡᠨ ᠴᠠᠭ᠄
2024/7/30
   ᠣᠶᠢᠯᠠᠭᠠᠭᠰᠠᠨ ᠢᠶᠠᠷ᠂ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠨᠳᠦᠰᠦᠨ ᠲᠦᠷᠢᠮ ᠤᠨ ᠲᠣᠭᠲᠠᠭᠠᠯ ᠢ ᠦᠨᠳᠦᠰᠦᠯᠡᠪᠡᠯ᠂ ᠮᠠᠰᠲ᠋ᠧᠷ ᠢᠶᠠᠷ ᠰᠤᠷᠤᠯᠴᠠᠬᠤ ᠠᠰᠫᠢᠷᠠᠨᠲ ᠤᠨ ᠰᠤᠷᠭᠠᠨ ᠬᠥᠮᠦᠵᠢᠯ ᠤᠨ ᠦᠨᠳᠦᠰᠦᠨ ᠰᠤᠷᠤᠯᠭ᠎ᠠ ᠶᠢᠨ ᠬᠤᠭᠤᠴᠠᠭ᠎ᠠ ᠨᠢ ᠬᠤᠶᠠᠷ ᠠᠴᠠ ᠭᠤᠷᠪᠠᠨ ᠵᠢᠯ ᠪᠠᠶᠢᠵᠤ᠂ ᠳ᠋ᠣᠺᠲ᠋ᠣᠷ ᠢᠶᠠᠷ ᠰᠤᠷᠤᠯᠴᠠᠬᠤ ᠠᠰᠫᠢᠷᠠᠨᠲ ᠤᠨ ᠰᠤᠷᠭᠠᠨ ᠬᠥᠮᠦᠵᠢᠯ ᠤᠨ ᠦᠨᠳᠦᠰᠦᠨ ᠰᠤᠷᠤᠯᠭ᠎ᠠ ᠶᠢᠨ ᠬᠤᠭᠤᠴᠠᠭ᠎ᠠ ᠨᠢ ᠭᠤᠷᠪᠠ ᠠᠴᠠ ᠳᠥᠷᠪᠡᠨ ᠵᠢᠯ ᠪᠣᠯᠤᠨ᠎ᠠ᠃ ᠪᠦᠬᠦᠯᠢ ᠡᠳᠦᠷ ᠤᠨ ᠪᠤᠰᠤ ᠳᠦᠷᠢᠮᠲᠦ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠭᠤᠴᠠᠭ᠎ᠠ ᠶᠢ ᠵᠣᠬᠢᠰᠲᠠᠢ ᠪᠠᠷ ᠤᠷᠲᠤᠳᠬᠠᠬᠤ ᠪᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠤᠰ ᠰᠤᠷᠭᠠᠭᠤᠯᠢ ᠶᠢᠨ ᠢᠶᠠᠨ ᠰᠤᠷᠤᠯᠭ᠎ᠠ ᠶᠢᠨ ᠬᠤᠭᠤᠴᠠᠭ᠎ᠠ ᠳᠤ ᠲᠤᠬᠢᠷᠡᠭᠤᠯᠦᠯᠳᠠ ᠬᠢᠵᠦ ᠪᠣᠯᠤᠨ᠎ᠠ᠃    ᠰᠤᠷᠪᠤᠯᠵᠢᠯᠠᠭᠴᠢ ᠶᠢᠨ ᠠᠩᠬᠠᠷᠤᠭᠰᠠᠨ ᠢᠶᠠᠷ᠂ ᠣᠶᠢᠷ᠎ᠠ ᠶᠢᠨ ᠵᠢᠯ ᠠᠴᠠ ᠨᠠᠭᠠᠰᠢ᠂ ᠤᠯᠤᠰ ᠤᠨ ᠳᠣᠲᠣᠭᠠᠳᠤ ᠶᠢᠨ ᠣᠯᠠᠨ ᠶᠡᠭᠡ ᠳᠡᠭᠡᠳᠦ ᠰᠤᠷᠭᠠᠭᠤᠯᠢ ᠨᠢ ᠨᠢᠭᠡᠨᠲᠡ ᠠᠰᠫᠢᠷᠠᠨᠲ ᠤᠨ ᠰᠤᠷᠤᠯᠭ᠎ᠠ ᠶᠢᠨ ᠲᠦᠷᠢᠮ ᠳᠤ ᠲᠣᠬᠢᠷᠠᠭᠤᠯᠤᠯᠲᠠ ᠬᠢᠵᠦ᠂ ᠰᠤᠷᠤᠯᠭ᠎ᠠ ᠶᠢᠨ ᠬᠤᠭᠤᠴᠠᠭ᠎ᠠ ᠶᠢ ᠤᠷᠲᠤᠳᠬᠠᠬᠤ᠂ ᠢᠯᠠᠩᠭᠤᠶ᠎ᠠ ᠲᠤᠰᠬᠠᠶ ᠮᠡᠷᠭᠡᠵᠢᠯ ᠤᠨ ᠠᠰᠫᠢᠷᠠᠨᠲ ᠤᠨ ᠰᠤᠷᠤᠯᠭ᠎ᠠ ᠶᠢᠨ ᠬᠤᠭᠤᠴᠠᠭ᠎ᠠ ᠶᠢ ᠤᠷᠲᠤᠳᠬᠠᠬᠤ ᠪᠠᠷ ᠲᠣᠳᠣᠷᠬᠠᠶ ᠲᠣᠭᠲᠠᠭᠠᠪᠠ᠃ ᠣᠶᠢᠷ᠎ᠠ ᠳᠤ᠂ ᠮᠦᠭᠳᠡᠨ ᠤ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠰᠢ ᠠᠨ ᠤ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠨᠢ ᠴᠤ ᠵᠠᠯᠭᠠᠭ᠎ᠠ ᠪᠠᠷ ᠪᠢᠴᠢᠭ ᠮᠠᠲ᠋ᠧᠷᠢᠶᠠᠯ ᠪᠠᠭᠤᠯᠭᠠᠵᠤ᠂ ᠬᠡᠰᠡᠭ ᠲᠤᠰᠬᠠᠶ ᠮᠡᠷᠭᠡᠵᠢᠯ ᠤᠨ ᠠᠰᠫᠢᠷᠠᠨᠲ ᠤᠨ ᠰᠤᠷᠤᠯᠭ᠎ᠠ ᠶᠢᠨ ᠬᠤᠭᠤᠴᠠᠭ᠎ᠠ ᠶᠢ ᠤᠷᠲᠤᠳᠬᠠᠨ᠎ᠡ ᠭᠡᠵᠦ ᠨᠡᠶᠢᠳᠡᠯᠡᠪᠡ᠃    ᠡᠨᠡ ᠵᠢᠯ ᠤᠨ 6 ᠰᠠᠷ᠎ᠠ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠨᠢ ᠲᠠᠬᠢᠨ ᠠᠯᠪᠠᠨ ᠵᠠᠷᠯᠠᠯ ᠨᠡᠶᠢᠲᠡᠯᠡᠵᠦ ᠬᠡᠯᠡᠬᠦ ᠳᠡᠭᠡᠨ᠂ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠬᠠᠮᠠᠭᠠᠯᠠᠬᠤ ᠠᠰᠫᠢᠷᠠᠨᠲ ᠬᠥᠮᠦᠵᠢᠭᠦᠯᠬᠦ ᠬᠡᠷᠡᠭᠴᠡᠭᠡ ᠶᠢ ᠦᠨᠳᠦᠰᠦᠯᠡᠨ᠂ ᠰᠤᠷᠭᠠᠭᠤᠯᠢ ᠶᠢᠨ ᠡᠷᠳᠡᠮ ᠤᠨ ᠴᠣᠯᠠ ᠰᠢᠯᠭᠠᠨ ᠲᠣᠭᠲᠠᠭᠠᠬᠤ ᠺᠣᠮᠢᠰ ᠢᠶᠠᠷ ᠶᠠᠷᠢᠯᠴᠠᠭᠤᠯᠤᠨ ᠪᠠᠲᠤᠯᠠᠭᠤᠯᠵᠤ᠂ 2025 ᠣᠨ ᠤ ᠮᠠᠰᠲ᠋ᠧᠷ ᠢᠶᠠᠷ ᠰᠤᠷᠤᠯᠴᠠᠬᠤ ᠠᠰᠫᠢᠷᠠᠨᠲ ᠠᠴᠠ ᠡᠬᠢᠯᠡᠨ᠂ ᠰᠤᠷᠭᠠᠭᠤᠯᠢ ᠶᠢᠨ ᠮᠠᠰᠲ᠋ᠧᠷ ᠢᠶᠠᠷ ᠰᠤᠷᠤᠯᠴᠠᠬᠤ ᠠᠰᠫᠢᠷᠠᠨᠲ ᠤᠨ ᠬᠡᠰᠡᠭ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠲᠥᠷᠥᠯ ᠢᠯᠭᠠᠯ ︵ᠬᠦᠷᠢᠶ᠎ᠡ︶ ᠤᠨ ᠰᠤᠷᠤᠯᠭ᠎ᠠ ᠶᠢᠨ ᠲᠦᠷᠢᠮ ᠳᠤ ᠲᠣᠬᠢᠷᠠᠭᠤᠯᠤᠯᠲᠠ ᠬᠢᠨ᠎ᠠ᠃ ᠡᠭᠦᠨ ᠳᠤ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠬᠡᠯᠡ ᠪᠢᠴᠢᠭ︶᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠲᠡᠦᠬᠡ︶᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠲᠣᠭᠠᠨ ᠤ ᠤᠬᠠᠭᠠᠨ︶᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠠᠮᠢᠳᠤ ᠪᠣᠳᠠᠰ︶᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠹᠢᠽᠢᠺ︶᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠬᠢᠮᠢ︶ ᠵᠢᠴᠢ ᠬᠢᠴᠢᠶᠡᠯ ᠲᠥᠷᠥᠯ ᠤᠨ ᠵᠢᠭᠠᠨ ᠰᠤᠷᠭᠠᠯᠲᠠ ︵ᠳᠠᠭᠤᠤ ᠬᠥᠭᠵᠢᠮ︶ ᠵᠡᠷᠭᠡ 10 ᠭᠠᠷᠤᠶ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠲᠦᠷᠢᠮ ᠢ 2 ᠵᠢᠯ ᠪᠠᠶᠢᠭᠰᠠᠨ ᠠᠴᠠ ᠨᠢ 3 ᠵᠢᠯ ᠪᠣᠯᠭᠠᠨ ᠥᠭᠡᠷᠡᠴᠢᠯᠡᠨ᠎ᠡ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号