ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠫᠠᠶᠢᠰᠠ ᠰᠡᠬᠦᠵᠦ ᠡᠵᠡᠩᠨᠡᠯᠲᠡ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/7/31
   7 ᠰᠠᠷ᠎ᠠ ᠶᠢᠨ 28 ᠤ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠫᠠᠶᠢᠰᠠ ᠰᠡᠬᠦᠵᠦ ᠡᠵᠡᠩᠨᠡᠯᠲᠡ ᠪᠠᠨ ᠡᠬᠢᠯᠡᠭᠦᠯᠵᠦ᠂ ᠰᠣᠶᠣᠯ ᠵᠢᠭᠤᠯᠴᠢᠯᠠᠯ  ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ  ᠃    ᠵᠠᠩ ᠱᠤᠸᠠᠩ ᠴᠧᠩ᠂ ᠸᠠᠩ ᠶᠦᠩ ᠵᠢᠶᠠ ᠵᠡᠷᠭᠡ ᠤᠳᠤᠷᠢᠳᠤᠯᠭ᠎ᠠ ᠶᠣᠰᠣᠯᠠᠯ ᠳᠤ ᠣᠷᠣᠯᠴᠠᠭᠰᠠᠨ ᠪᠥᠭᠡᠳ ᠠᠵᠤ ᠠᠬᠤᠶᠢᠯᠠᠯ ᠤᠨ ᠫᠠᠶᠢᠰᠠ ᠶᠢ ᠰᠡᠬᠦᠵᠦ ᠥᠭᠪᠡ  ᠃   ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ  ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠤᠯᠤᠰ ᠤᠨ ᠥᠮᠴᠢᠯᠡᠯ ᠤᠨ ᠪᠦᠷᠢᠨ ᠪᠠᠯᠠ ᠶᠢᠨ ᠺᠣᠮᠫᠠᠨᠢ ᠪᠣᠯᠤᠨ᠎ᠠ᠂  ᠪᠤᠤ ᠱᠢ ᠪᠠᠯᠭᠠᠰᠦᠨ ᠤ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠵᠢᠭᠤᠯᠴᠢᠯᠠᠯ ᠤᠨ ᠡᠬᠢ ᠪᠠᠶᠠᠯᠢᠭ  ᠲᠤ ᠰᠠᠭᠤᠷᠢᠯᠠᠨ ᠡᠵᠡᠩᠨᠡᠯᠲᠡ ᠪᠠᠨ ᠦᠷᠨᠢᠭᠦᠯᠵᠤ᠂ ᠬᠥᠳᠡᠯᠭᠡᠭᠡᠨ ᠡᠷᠬᠢᠯᠡᠬᠦ᠂ ᠵᠤᠭᠠᠴᠠᠭᠰᠠᠳ ᠢ ᠲᠠᠲᠠᠬᠤ᠂ ᠲᠦᠷᠢᠶᠡᠰᠦᠯᠡᠬᠦ ᠡᠬᠢ ᠪᠠᠶᠠᠯᠢᠭ᠂ ᠬᠤᠶᠠᠳᠤᠭᠠᠷ ᠰᠢᠩᠭᠡᠭᠡᠯᠲᠡ ᠪᠠ ᠤᠬᠠᠭᠤᠯᠤᠨ ᠲᠠᠨᠢᠯᠴᠠᠭᠤᠯᠬᠤ ᠪᠠᠷ ᠭᠤᠤᠯ ᠲᠤᠬᠠᠶᠢᠯᠠᠭᠰᠠᠨ ᠠᠵᠢᠯ ᠢᠶᠠᠨ ᠪᠤᠯᠭᠠᠵᠤ᠂  ᠪᠤᠤ ᠱᠢ ᠶᠢᠨ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠲᠥᠬᠦᠭᠡᠷᠦᠮᠵᠢ  ᠶᠢᠨ ᠲᠡᠭᠦᠯᠳᠡᠷᠵᠢᠯᠲᠡ ᠪᠠ 3 A ᠲᠡᠰ ᠤᠨ ᠠᠳᠠᠯᠢᠳᠬᠠᠨ ᠰᠢᠯᠭᠠᠷᠠᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠂ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠺᠣᠮᠫᠠᠨᠢ ᠲᠠᠢ ᠢᠳᠡᠪᠬᠢᠲᠡᠢ ᠵᠤᠯᠭᠠᠭᠤᠯᠵᠤ᠂ ᠠᠶᠠᠨᠴᠢᠯᠠᠯ ᠤᠨ ᠬᠤᠷᠢᠶ᠎ᠠ᠂ ᠡᠵᠡᠩᠨᠡᠯᠲᠡ ᠶᠢᠨ ᠬᠤᠳᠠᠯᠳᠤᠭᠠᠴᠢᠨ ᠵᠡᠷᠭᠡ ᠪᠡᠶᠡᠴᠢ ᠴᠣᠭᠴᠠ᠂  ᠤᠶᠢᠷ᠎ᠠ ᠲᠡᠭᠦᠷᠭᠡ  ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠤᠭᠠᠴᠠᠯ᠂ ᠥᠪᠡᠷ ᠢᠶᠠᠷ ᠲᠡᠷᠭᠡ ᠵᠢᠯᠣᠭᠤᠳᠴᠤ ᠵᠢᠭᠤᠯᠴᠢᠯᠠᠬᠤ ᠵᠡᠷᠭᠡ ᠵᠢᠭᠤᠯᠴᠢᠯᠠᠯ ᠤᠨ ᠵᠠᠬ᠎ᠠ ᠳᠡᠯᠭᠡᠭᠦᠷ᠂  ᠢᠳᠡᠷᠵᠤᠩᠨᠠᠢ᠂ ᠰᠠᠭᠤᠬᠤ᠂ ᠤᠮᠪᠠᠭ᠋ᠤ᠂ ᠬᠤᠳᠠᠯᠳᠤᠨ ᠠᠪᠬᠤ᠂ ᠴᠡᠩᠭᠡᠯ ᠤᠨ ᠵᠢᠷᠭᠤᠭᠠᠨ ᠴᠢᠬᠤᠯᠠ ᠵᠦᠢᠯ ᠢ ᠭᠤᠤᠯ ᠨᠡᠭᠡᠭᠡᠵᠤ᠂ ᠴᠦᠨ ᠵᠧᠦ ᠶᠢᠨ ᠡᠷᠲᠡᠨ ᠤ ᠬᠤᠲᠠ ᠶᠢᠨ ᠲᠡᠦᠬᠡ ᠰᠣᠶᠣᠯ ᠢᠶᠠᠷ ᠬᠥᠮᠦᠨ ᠢ ᠲᠠᠲᠠᠨ᠎ᠠ᠂ ᠲᠦᠴᠢᠦᠸᠠᠨ ᠤ ᠭᠤᠶᠤ ᠦᠵᠡᠮᠵᠢ ᠪᠠᠷ ᠬᠥᠮᠦᠨ ᠢ ᠳᠣᠭᠳᠣᠯᠤᠭᠤᠯᠤᠨ᠎ᠠ᠂ ᠪᠦᠷᠢᠨ ᠭᠦᠶᠴᠡᠳ ᠦᠶᠯᠡᠴᠢᠯᠡᠭᠡ ᠪᠠ ᠪᠠᠶᠠᠯᠢᠭ ᠥᠩᠭᠡᠷᠡᠯᠲᠡ ᠪᠠᠷ ᠬᠥᠮᠦᠨ ᠢ ᠦᠯᠡᠳᠡᠭᠡᠬᠦ᠂ ᠪᠤᠤ ᠱᠢ ᠶᠢᠨ ᠬᠥᠳᠡᠭᠡ ᠨᠤᠲᠤᠭ ᠤᠨ ᠶᠡᠷᠦᠩᠬᠡᠶ ᠴᠣᠭᠴᠠ ᠶᠢᠨ ᠡᠬᠢ ᠪᠠᠶᠠᠯᠢᠭ ᠢ ᠴᠢᠷᠮᠠᠶᠢᠨ ᠰᠠᠶᠢᠲᠤᠷ ᠬᠡᠷᠡᠭᠯᠡᠬᠦ ᠬᠡᠷᠡᠭᠲᠡᠶ᠂ ᠲᠦᠴᠢᠦᠸᠠᠨ ᠤ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠠᠷᠴᠢᠵᠠᠢ᠃    ᠲᠤᠰ ᠺᠣᠮᠫᠠᠨᠢ ᠶᠢᠨ ᠫᠠᠶᠢᠰᠠ ᠰᠡᠬᠦᠵᠦ ᠡᠵᠡᠩᠨᠡᠯᠲᠡ ᠪᠠᠨ ᠡᠬᠢᠯᠡᠭᠦᠯᠦᠭᠰᠡᠨ ᠶᠠᠪᠤᠳᠠᠯ ᠪᠣᠯ ᠲᠦᠴᠢᠦᠸᠠᠨ ᠰᠢᠶᠠᠨ  ᠤ ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠭᠰᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ︔ ᠰᠢᠯᠢᠳᠡᠭ ᠡᠬᠢ ᠪᠠᠶᠠᠯᠢᠭ ᠢ ᠬᠡᠷᠡᠭᠯᠡᠨ᠂ ᠳᠠᠪᠠᠭᠤᠯᠢᠭ ᠬᠦᠴᠦᠨ ᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯ ᠢ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠬᠦ ᠴᠢᠬᠤᠯᠠ ᠠᠵᠠ ᠲᠣᠬᠢᠶᠠᠯ ᠪᠣᠯᠤᠨ᠎ᠠ︔ ᠨᠠᠩ ᠴᠤ ᠪᠥᠬᠦ ᠰᠢᠶᠠᠨ ᠤ ᠰᠣᠶᠣᠯ ᠵᠢᠭᠤᠯᠴᠢᠯᠠᠯ ᠤᠨ ᠠᠵᠢᠯᠲᠠᠳ ᠥᠪᠡᠷ ᠥᠪᠡᠷ ᠤᠨ ᠴᠢᠳᠠᠯ ᠤᠨ ᠢᠶᠠᠨ ᠬᠢᠷᠢ ᠪᠠᠷ ᠴᠢᠷᠮᠠᠶᠢᠨ ᠲᠡᠮᠡᠴᠡᠵᠦ᠂ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠶᠯᠡᠴᠢᠯᠡᠬᠦ ᠴᠣ ᠰᠢᠨ᠎ᠡ ᠡᠬᠢᠯᠡᠯᠲᠡ ᠮᠥᠨ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号