ᠱᠦᠶ ᠴᠢᠤᠸᠠᠨ ᠪᠠᠯᠭᠠᠰᠤ ᠤᠯᠠᠭᠠᠨ ᠨᠠᠷᠠᠰᠤᠨ‌ᠮᠦ᠋ᠭᠦ ᠡᠯᠪᠡᠭ ᠬᠤᠷᠢᠶᠠᠯᠲᠠ ᠤᠯᠵᠦ ᠣᠶ ᠶᠢᠨ ᠳᠣᠤᠷᠠᠬᠢ ᠠᠵᠤ ᠠᠬᠤᠶ ᠰᠠᠶᠢᠨ ︽ᠦᠷ᠎ᠡ ᠠᠰᠢᠭ︾ ᠢ ᠠᠪᠴᠢᠷᠠᠪᠠ
ᠨᠡᠶᠢᠲᠡᠯᠡᠭᠰᠡᠨ ᠴᠠᠭ᠄
2024/7/31
   ᠬᠡᠳᠦᠨ ᠰᠠᠷ᠎ᠠ ᠶᠢᠨ ᠨᠢᠮᠪᠠᠶ ᠪᠣᠶᠢᠵᠢᠭᠤᠯᠤᠯᠲᠠ ᠪᠠᠷ᠂ ᠣᠶᠢᠷ᠎ᠠ ᠳᠤ᠂ ᠱᠦᠶ ᠴᠢᠤᠸᠠᠨ ᠪᠠᠯᠭᠠᠰᠤᠨ ᠤ ᠰᠢᠶᠤᠤ ᠫᠤᠤ ᠽᠢ ᠲᠣᠰᠬᠤᠨ ᠤ ᠠᠩᠬ᠎ᠠ ᠤᠳᠠᠭ᠎ᠠ ᠳᠠᠷᠢᠭᠰᠠᠨ ᠤᠯᠠᠭᠠᠨ ᠨᠠᠷᠠᠰᠤᠨ ᠮᠦᠭᠦ  ᠲᠡᠭᠦᠬᠦ ᠬᠤᠭᠤᠴᠠᠭᠠᠨ ᠳᠤ ᠣᠷᠣᠵᠤ᠂ ᠡᠯᠪᠡᠭ ᠬᠤᠷᠢᠶᠠᠯᠲᠠ ᠤᠯᠪᠠ᠃
   ᠢᠭ᠍ᠴᠤ ᠰᠠᠬᠤᠯᠢᠭ ᠣᠢ ᠰᠢᠭᠤᠶ ᠳᠣᠲᠣᠷ᠎ᠠ᠂ ᠭᠠᠵᠠᠷ ᠳᠡᠭᠡᠷᠡᠬᠢ ᠡᠰᠢ ᠰᠦᠷᠡᠯ ᠢ ᠱᠠᠭᠠᠯᠪᠠᠯ᠂ ᠨᠢᠭᠡ ᠨᠢᠭᠡ ᠪᠠᠭᠴᠠ ᠡᠰᠢ ᠨᠢ ᠴᠠᠭᠠᠨ᠂ ᠰᠢᠬᠦᠷ ᠨᠢ ᠣᠪ ᠤᠯᠠᠭᠠᠨ ᠮᠥᠭᠦ ᠪᠦᠯᠦᠭ ᠪᠦᠯᠦᠭ ᠢᠶᠠᠷ ᠭᠠᠷᠴᠤ ᠢᠷᠡᠵᠦ᠂ ᠠᠮᠢᠵᠢᠷᠠᠯ  ᠤᠨ ᠬᠦᠴᠦᠨ ᠢᠶᠠᠷ ᠲᠡᠭᠦᠯᠳᠡᠷ᠂ ᠤᠷᠭᠤᠴᠠ ᠨᠢ ᠬᠥᠮᠦᠨ ᠢ ᠪᠠᠶᠠᠰᠬᠠᠨ᠎ᠠ᠃ ᠬᠡᠳᠦᠨ ᠲᠣᠰᠬᠤᠨ ᠤ ᠠᠷᠠᠳ ᠥᠷᠯᠥᠭᠡ ᠶᠢᠨ 5 ᠴᠠᠭ ᠠᠴᠠ ᠡᠬᠢᠯᠡᠨ ᠲᠣᠭᠲᠠᠭᠰᠠᠨ ᠴᠠᠭ ᠲᠠᠭᠠᠨ ᠤᠢ ᠶᠢᠨ ᠮᠦᠬᠦ ᠶᠢᠨ ᠲᠠᠷᠢᠮᠠᠯ ᠤᠨ ᠭᠠᠵᠠᠷ ᠲᠤ ᠣᠷᠣᠵᠤ ᠲᠡᠭᠦᠬᠦ ᠠᠵᠢᠯ ᠢᠶᠠᠨ ᠡᠬᠢᠯᠡᠭᠦᠯᠵᠦ᠂ ᠢᠭ᠍ᠴᠤ ᠰᠠᠬᠤᠯᠢᠭ ᠤᠢ ᠰᠢᠭᠤᠢ ᠪᠠᠷ ᠶᠠᠭᠠᠷᠠᠯᠲᠠᠢ ᠶᠠᠪᠤᠵᠤ᠂ ᠨᠢᠭᠡ ᠨᠢᠭᠡ ᠪᠠᠭᠴᠠ ᠮᠦᠭᠦ ᠶᠢ  ᠰᠠᠭᠰᠤᠨ ᠳᠤ ᠲᠡᠭᠦᠵᠦ᠂ 20 ᠮᠢᠨᠦ᠋ᠲ ᠰᠢᠬᠠᠮ ᠤᠨ ᠬᠤᠭᠤᠴᠠᠭᠠᠨ ᠳᠤ ᠨᠢᠭᠡ ᠰᠠᠭᠰᠤ ᠤᠯᠠᠭᠠᠨ ᠨᠠᠷᠠᠰᠤ ᠮᠦᠭᠦ ᠲᠡᠭᠦᠵᠦ ᠲᠡᠶᠢᠯᠦᠨ᠎ᠠ᠃
   ᠤᠯᠠᠭᠠᠨ ᠨᠠᠷᠠᠰᠤᠨ ᠮᠦᠭᠦ ᠶᠢ ᠪᠠᠰᠠ ᠲᠣᠮᠣ ᠪᠥᠮᠪᠥᠭᠡᠨ ᠪᠦᠷᠬᠦᠭᠦᠯ ᠮᠥᠭᠦ ᠭᠡᠳᠡᠭ᠂ ᠲᠡᠷᠡ ᠪᠣᠯ ᠨᠢᠭᠡ ᠵᠦᠶᠯ  ᠤᠨ ᠬᠤᠪᠣᠷ ᠴᠤᠬᠠᠭ ᠢᠳᠡᠭᠡᠨ ᠤ ᠮᠥᠭᠦ᠂ ᠪᠤᠯᠪᠠᠰᠤᠷᠠᠭᠰᠠᠨ ᠰᠢᠨ᠎ᠡ ᠰᠤᠷᠭᠤᠭ ᠮᠥᠭᠦ ᠶᠢᠨ ᠥᠩᠭᠡ ᠨᠢ ᠭᠤᠶᠣ ᠰᠠᠶᠢᠬᠠᠨ᠂ ᠢᠳᠡᠭᠡᠨ ᠤ ᠦᠨᠦᠷ ᠨᠢ ᠠᠩᠬᠢᠯᠤᠮ᠎ᠠ ᠰᠠᠶᠢᠬᠠᠨ᠂ ᠰᠢᠮ᠎ᠡ ᠲᠡᠵᠢᠭᠡᠯ ᠡᠯᠪᠡᠭ ᠪᠠᠶᠢᠵᠤ᠂ ︽ᠬᠠᠷᠠᠰᠤ ᠢᠳᠡᠭᠡᠨ︾᠂ ︽ᠮᠥᠭᠦ ᠶᠢᠨ ᠸᠠᠩ︾ ᠬᠡᠮᠡᠭᠳᠡᠵᠦ᠂ ᠰᠢᠮ᠎ᠡ ᠲᠡᠵᠢᠭᠡᠯ ᠤᠨ ᠥᠷᠲᠡᠭ ᠨᠢ ᠥᠨᠳᠥᠷ᠂ ᠵᠠᠬ᠎ᠠ ᠳᠡᠯᠭᠡᠭᠦᠷ  ᠤᠨ ᠢᠷᠡᠭᠡᠳᠦᠶ ᠨᠢ ᠰᠠᠶᠢᠨ᠂ ᠠᠮᠢ ᠠᠬᠤᠶ ᠳᠤ ᠵᠣᠬᠢᠴᠠᠬᠤ ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠢᠶᠠᠷ ᠢᠶᠠᠨ ᠣᠶ  ᠶᠢᠨ ᠲᠤᠤᠷᠠᠬᠢ ᠮᠥᠭᠦ ᠳᠠᠷᠢᠬᠤ ᠲᠡᠷᠢᠭᠦᠨ ᠰᠣᠩᠭᠤᠯᠲᠠ ᠶᠢᠨ ᠲᠥᠷᠥᠯ ᠵᠦᠶᠯ ᠪᠣᠯᠤᠭᠰᠠᠨ ᠪᠠᠶᠢᠨ᠎ᠠ᠃ ᠤᠯᠠᠭᠠᠨ ᠨᠠᠷᠠᠰᠤᠨ ᠮᠦᠭᠦ ᠨᠢ ᠮᠣᠳᠣᠨ ᠤ ᠨᠠᠪᠴᠢ ᠨᠠᠮᠠᠭ᠎ᠠ ᠶᠢᠨ ᠰᠡᠭᠦᠳᠡᠷ ᠲᠤ ᠲᠦᠰᠢᠭᠯᠡᠨ ᠠᠶᠠᠨᠳᠠᠭᠠᠨ ᠤᠷᠭᠤᠵᠤ᠂ ᠬᠡᠭᠡᠷ᠎ᠡ  ᠶᠢᠨ ᠠᠮᠢ ᠠᠬᠤᠶ ᠶᠢᠨ ᠣᠨᠴᠠ ᠴᠢᠨᠠᠷ ᠢ ᠪᠠᠲᠤᠯᠠᠨ᠂ ᠮᠣᠳᠣᠨ ᠳᠤ ᠬᠡᠷᠡᠭᠰᠡᠬᠦ ᠤᠰᠤ ᠪᠠ ᠥᠩ ᠰᠢᠮ᠎ᠡ ᠶᠢ ᠬᠠᠮᠠᠭᠠᠯᠠᠵᠤ᠂ ᠣᠶ ᠮᠣᠳᠣ ᠬᠢᠭᠡᠳ ᠢᠳᠡᠰᠢᠨ ᠤ ᠮᠥᠭᠦ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠬᠠᠮᠲᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠮᠢ ᠠᠬᠤᠶ ᠶᠢᠨ ᠲᠠᠷᠢᠶᠠᠯᠠᠩ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠦᠭᠰᠡᠨ ᠪᠠᠶᠢᠨ᠎ᠠ᠃    ᠡᠯᠪᠡᠭ ᠪᠠᠶᠠᠯᠢᠭ ᠣᠢ ᠮᠣᠳᠣᠨ ᠤ ᠡᠬᠢ ᠪᠠᠶᠠᠯᠢᠭ ᠨᠢ ᠱᠦᠶ ᠴᠢᠤᠸᠠᠨ ᠪᠠᠯᠭᠠᠰᠤ ᠶᠢᠨ ᠤᠢ ᠶᠢᠨ ᠲᠤᠤᠷᠠᠬᠢ ᠢᠳᠡᠭᠡᠨ ᠤ ᠮᠥᠭᠦ ᠲᠠᠷᠢᠬᠤ ᠶᠢ ᠬᠥᠭᠵᠢᠭᠦᠯᠬᠦ ᠳᠤ ᠪᠠᠶᠢᠭᠠᠯᠢ ᠶᠢᠨ ᠣᠷᠴᠢᠨ ᠲᠣᠭᠤᠷᠢᠨ ᠢ ᠬᠠᠩᠭᠠᠪᠠ᠃ ᠤᠢᠢᠷ᠎ᠠ  ᠶᠢᠨ ᠵᠢᠯ ᠳᠤ᠂ ᠱᠦᠢ ᠴᠢᠤᠸᠠᠨ ᠪᠠᠯᠭᠠᠰᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠠᠮᠢ ᠠᠬᠤᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠡᠯᠪᠡᠭ ᠪᠠᠶᠠᠯᠢᠭ ᠤᠢ ᠰᠢᠭᠤᠢ ᠶᠢᠨ ᠡᠬᠢ ᠪᠠᠶᠠᠯᠢᠭ ᠲᠤ ᠲᠦᠰᠢᠭᠯᠡᠨ᠂ ᠤᠢ ᠶᠢᠨ ᠲᠤᠤᠷᠠᠬᠢ ᠠᠵᠤ ᠠᠬᠤᠢ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠤᠢ ᠶᠢᠨ ᠬᠤᠷᠮᠣᠶ ᠶᠢᠨ ᠲᠠᠷᠢᠮᠠᠯ᠂ ᠤᠢ ᠶᠢᠨ ᠲᠤᠤᠷᠠᠬᠢ ᠲᠡᠵᠢᠭᠡᠪᠦᠷᠢ᠂ ᠤᠢ ᠶᠢᠨ ᠲᠤᠤᠷᠠᠬᠢ ᠵᠢᠭᠤᠯᠴᠢᠯᠠᠯ ᠵᠡᠷᠭᠡ ︽ᠤᠢ ᠶᠢᠨ ᠲᠤᠤᠷᠠᠬᠢ +︾ ᠬᠥᠭᠵᠢᠯᠲᠡ ᠶᠢᠨ ᠵᠠᠭᠪᠤᠷ ᠢ ᠠᠮᠵᠢᠯᠲᠠ ᠲᠠᠢ ᠰᠦᠪᠡᠭᠴᠢᠯᠡᠵᠦ᠂ ᠤᠢ ᠮᠣᠳᠣᠨ ᠤ ᠠᠵᠤ ᠠᠬᠤᠶ ᠪᠠ ᠤᠢ ᠶᠢᠨ ᠲᠤᠤᠷᠠᠬᠢ ᠠᠵᠤ ᠠᠬᠤᠶ ᠶᠢᠨ ︽ᠬᠤᠣᠰ ᠡᠯᠪᠡᠭ ᠬᠤᠷᠢᠶᠠᠯᠲᠠ︾ ᠶᠢ ᠪᠡᠶᠡᠯᠡᠭᠦᠯᠪᠡ᠃    ᠵᠠᠯᠭᠠᠭᠠᠳ ᠱᠦᠶ ᠴᠢᠤᠸᠠᠨ ᠪᠠᠯᠭᠠᠰᠤ ᠦᠷᠭᠦᠯᠵᠢᠯᠡᠨ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ  ᠲᠠᠭᠠᠨ ᠲᠦᠰᠢᠭᠯᠡᠨ᠂ ᠨᠠᠩ ᠣᠯᠠᠨ ᠣᠶ ᠶᠢᠨ ᠲᠤᠤᠷᠠᠬᠢ ᠲᠠᠷᠢᠮᠠᠯ ᠤᠨ ᠲᠥᠷᠥᠯ ᠵᠦᠶᠯ ᠢ ᠬᠠᠶᠢᠨ ᠰᠦᠪᠡᠭᠴᠢᠯᠡᠵᠦ᠂ ᠣᠶ ᠰᠢᠭᠤᠶ ᠶᠢᠨ ᠡᠮ᠂ ᠣᠶ ᠰᠢᠭᠤᠶ ᠶᠢᠨ ᠮᠥᠭᠦ ᠵᠡᠷᠭᠡ ᠠᠵᠤ ᠦᠶᠯᠡᠰ ᠢ ᠲᠣᠰᠬᠤᠨ ᠤ ᠠᠷᠠᠳ ᠤᠨ ᠣᠷᠣᠯᠭ᠎ᠠ  ᠶᠢ ᠨᠡᠮᠡᠭᠳᠡᠭᠦᠯᠬᠦ ᠭᠤᠤᠯᠯᠠᠬᠤ ᠠᠵᠤ ᠦᠶᠯᠡᠰ ᠪᠣᠯᠭᠠᠨ ᠭᠤᠤᠯᠳᠠᠯᠭ᠎ᠠ ᠲᠠᠢ ᠪᠣᠶᠢᠵᠢᠭᠤᠯᠵᠤ᠂ ᠠᠵᠤ ᠦᠶᠯᠡᠰ ᠤᠨ ᠬᠡᠯᠬᠢᠶ᠎ᠡ ᠶᠢᠨ ᠤᠷᠲᠤᠳᠬᠠᠯ ᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号