︽ᠮᠠᠨ ᠤ ᠶᠠᠩᠭᠠᠷ ᠪᠥᠵᠢᠭ ᠤᠨ ᠠᠩᠭᠢ 80 ᠭᠠᠷᠤᠢ ᠬᠥᠮᠦᠨ ᠲᠠᠢ᠂ ᠳᠤᠮᠳᠠᠴᠢ ᠨᠠᠰᠤ ᠨᠢ ᠪᠦᠬᠦᠯᠢ 65 | ᠨᠠᠰᠤ᠂ ᠪᠢᠳᠡᠨ ᠤ ᠥᠨᠥᠳᠦᠷ ᠤᠨ ᠲᠣᠭᠯᠠᠯᠲᠠ ᠪᠣᠯ ︽ᠡᠵᠢ ᠪᠣᠯ ᠳᠤᠮᠳᠠᠳᠤ ᠤᠯᠤᠰ︾ ᠪᠣᠯᠤᠨ᠎ᠠ᠂ ᠬᠡᠴᠢᠨᠡᠨ | ᠰᠠᠶᠢᠬᠠᠨ ᠪᠥᠵᠢᠭ ᠤᠨ ᠳᠦᠷᠢ ᠪᠠᠷ ᠡᠬᠡ ᠤᠯᠤᠰ ᠤᠨ ᠴᠡᠴᠡᠭᠯᠡᠨ ᠬᠥᠭᠵᠢᠵᠦ᠂ ᠤᠯᠠᠮ ᠠᠴᠠ ᠤᠯᠠᠮ ᠰᠠᠶᠢᠵᠢᠷᠠᠬᠤ | ᠶᠢ ᠵᠥᠩᠨᠡᠵᠦ ᠪᠠᠶᠢᠨ᠎ᠠ᠃︾ ᠭᠡᠵᠦ ᠬᠠᠩᠭᠠᠢ ᠴᠡᠴᠡᠭ ᠤᠨ ᠶᠠᠩᠭᠠᠷ ᠤᠨ ᠠᠩᠭᠢ ᠶᠢᠨ ᠳᠠᠷᠤᠭ᠎ᠠ ᠭᠦᠩ ᠬᠦᠶ ᠶᠦᠨ | ᠰᠡᠳᠬᠢᠯ ᠳᠣᠭᠳᠣᠯᠤᠨ ᠬᠡᠯᠡᠪᠡ᠃ | | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ | ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠲᠦᠴᠢᠦᠸᠠᠨ ᠰᠢᠶᠠᠨ ︽ᠤᠯᠠᠭᠠᠨ ᠵᠢᠷᠦᠬᠡ ᠨᠠᠮ | ᠲᠠᠢ ᠪᠠᠨ ᠲᠤᠯᠤᠭᠠᠨ ᠰᠠᠷ᠎ᠠ ᠶᠢᠨ ᠨᠢᠭᠡᠨ ᠢ ᠤᠭᠲᠤᠬᠤ︾ ᠶᠠᠩᠭᠠᠷ ᠳᠠᠭᠤᠤ ᠶᠢᠨ ᠤᠷᠠᠨ ᠰᠠᠶᠢᠬᠠᠨ ᠤ ᠲᠣᠭᠯᠠᠯᠲᠠ | ᠶᠢᠨ ᠠᠵᠢᠯᠯᠠᠭ᠎ᠠ ᠡᠷᠭᠢᠯᠡᠵᠦ᠂ ᠰᠢᠶᠠᠨ ᠤ ᠶᠠᠩᠭᠠᠷ ᠤᠨ ᠨᠡᠶᠢᠭᠡᠮᠯᠢᠭ ᠤᠨ 16 ᠡᠩᠨᠡᠭᠡ᠂ 700 ᠭᠠᠷᠤᠶ ᠬᠥᠮᠦᠨ | ᠲᠣᠭᠯᠠᠯᠲᠠ ᠳᠤ ᠣᠷᠣᠯᠴᠠᠪᠠ᠃ | | ᠠᠵᠢᠯᠯᠠᠭ᠎ᠠ ᠶᠢᠨ ᠳᠤᠮᠳᠠ᠂ ᠡᠯ᠎ᠡ ᠲᠣᠭᠯᠠᠯᠲᠠ ᠶᠢᠨ ᠠᠩᠭᠢ ᠶᠢᠨ ᠬᠢᠨ ᠥᠩᠭᠡ ᠢᠯᠭᠠᠷᠠᠭᠰᠠᠨ ᠬᠤᠪᠴᠠᠰᠤ | ᠬᠤᠨᠠᠷ ᠡᠮᠦᠰᠴᠦ᠂ ᠲᠣᠯᠣᠭᠠᠶ ᠳᠠᠭᠠᠨ ᠥᠩᠭᠡ ᠢᠯᠭᠠᠷᠠᠭᠰᠠᠨ ᠲᠣᠯᠣᠭᠠᠶ ᠶᠢᠨ ᠵᠠᠰᠠᠯ ᠵᠡᠭᠦᠵᠦ᠂ ᠪᠦᠰᠡᠯᠡᠭᠦᠷ ᠲᠡᠭᠡᠨ | ᠥᠩᠭᠡ ᠢᠯᠭᠠᠷᠠᠭᠰᠠᠨ ᠥᠩᠭᠡᠲᠦ ᠪᠦᠴᠡ ᠤᠶᠠᠵᠤ᠂ ᠭᠠᠷ ᠲᠠᠭᠠᠨ ᠥᠩᠭᠡᠲᠦ ᠳᠡᠪᠢᠭᠦᠷ ᠠᠳᠬᠤᠨ ᠪᠥᠵᠢᠭᠯᠡᠵᠦ᠂ | ᠬᠡᠩᠭᠡᠷᠭᠡ ᠶᠢᠨ ᠴᠡᠭ ᠤᠨ ᠬᠠᠮᠵᠢᠯᠴᠠᠭ᠎ᠠ ᠳᠣᠤᠷ᠎ᠠ᠂ ᠬᠤᠪᠢᠰᠬᠠᠯᠳᠤ ᠳᠠᠭᠤᠤ ᠪᠠᠷ ᠭᠤᠤᠯ ᠠᠴᠢᠶᠠᠯᠠᠭᠴᠢ ᠪᠣᠯᠭᠠᠵᠤ᠂ | ᠵᠡᠭᠦᠨ ᠬᠤᠶᠢᠲᠤ ᠶᠢᠨ ᠶᠠᠩᠭᠠᠷ ᠤᠨ ᠪᠠᠶᠠᠷ ᠪᠠᠶᠠᠰᠬᠤᠯᠠᠩ ᠪᠠ ᠬᠠᠯᠠᠭᠤᠨ ᠰᠡᠳᠬᠢᠯᠭᠡ ᠶᠢ ᠲᠡᠭᠦᠯᠳᠡᠷ ᠰᠠᠶᠢᠬᠠᠨ | ᠢᠯᠡᠷᠡᠭᠦᠯᠪᠡ᠃ ᠲᠤᠮᠤ ᠬᠡᠯᠪᠡᠷᠢ ᠶᠢᠨ ᠪᠥᠵᠢᠭ ︽ᠶᠠᠩᠭᠠᠷ ᠪᠥᠵᠢᠭ ᠤᠨ ᠰᠡᠳᠬᠢᠯᠭᠡ︾᠂ ︽ᠨᠤᠲᠤᠭ ᠤᠨ ᠳᠠᠭᠤᠤ | ᠪᠠᠨ ᠳᠠᠭᠤᠯᠠᠵᠤ ᠨᠠᠮ ᠳᠠᠭᠠᠨ ᠰᠣᠨᠣᠰᠬᠠᠶ᠎ᠠ︾᠂ ︽ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠳᠣᠷᠣᠨ᠎ᠠ ᠵᠦᠭ | ᠲᠤᠶᠠᠭᠠᠷᠠᠯ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠤᠭᠤᠳ ᠶᠠᠭᠠᠷᠠᠯᠲᠠᠢ ᠶᠠᠪᠤᠭᠳᠠᠵᠤ᠂ ᠲᠣᠭᠯᠠᠭᠴᠢᠳ ᠤᠨ | ᠬᠥᠳᠡᠯᠭᠡᠭᠡᠨ ᠲᠠᠷᠢ ᠲᠡᠭᠰᠢ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ | ᠢᠳᠡᠪᠬᠢᠲᠡᠢ ᠤᠷᠤᠭᠰᠢᠯᠠᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ | ᠠᠷᠠᠳ ᠤᠯᠠᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ | | ︽ᠪᠢᠳᠡ ᠥᠨᠥᠳᠦᠷ ︿ᠬᠥᠭᠵᠢᠯ ᠪᠠᠳᠠᠷᠠᠯᠲᠤ ᠳᠤᠮᠳᠠᠳᠤ ᠤᠯᠤᠰ ᠢ ᠵᠥᠩᠨᠡᠶ᠎ᠡ﹀ ᠭᠡᠬᠦ ᠲᠣᠭᠯᠠᠯᠲᠠ ᠭᠠᠷᠭᠠᠨ᠎ᠠ᠂ | ᠡᠨᠡ ᠲᠣᠭᠯᠠᠯᠲᠠ ᠶᠢ ᠪᠢᠳᠡ ᠬᠠᠭᠠᠰ ᠰᠠᠷ᠎ᠠ ᠪᠣᠯᠪᠠᠰᠤᠷᠠᠪᠠ᠂ ᠬᠡᠳᠦᠶᠢᠪᠡᠷ ᠮᠠᠰᠢ ᠵᠦᠳᠡᠷᠡᠯᠲᠡᠶ ᠪᠣᠯᠪᠠᠴᠤ ᠮᠠᠨ ᠤ | ᠠᠩᠭᠢ ᠶᠢᠨ ᠭᠡᠰᠢᠭᠦᠳ ᠪᠦᠷ ᠶᠠᠳᠠᠷᠠᠵᠤ ᠪᠠᠶᠬᠤ ᠦᠭᠡᠢ᠂ ᠰᠡᠳᠬᠢᠯ ᠰᠠᠨᠠᠭ᠎ᠠ ᠮᠠᠰᠢ ᠪᠠᠶᠠᠷᠲᠠᠶ ᠪᠠᠶᠢᠨ᠎ᠠ᠂ ᠮᠠᠨ ᠤ | ᠡᠬᠡ ᠤᠯᠤᠰ ᠤᠯᠠᠮ ᠠᠴᠠ ᠤᠯᠠᠮ ᠰᠠᠢᠨ ᠪᠣᠯᠬᠤ ᠶᠢ ᠵᠥᠩᠨᠡᠶ᠎ᠡ︾ ᠭᠡᠵᠦ ᠨᠠᠨ ᠰᠢᠶᠠᠩ ᠲᠣᠰᠬᠤᠨ ᠤ ᠶᠠᠩᠭᠠᠷ ᠤᠨ | ᠠᠩᠭᠢ ᠶᠢᠨ ᠳᠠᠷᠤᠭ᠎ᠠ ᠯᠢᠨ ᠰᠢᠦ ᠹᠧᠩ ᠬᠡᠯᠡᠨ᠎ᠡ᠃ | ᠲᠣᠰ ᠤᠳᠠᠭᠠᠨ ᠤ ᠶᠠᠩᠭᠠᠷ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠺᠠᠳ᠋ᠷ ᠣᠯᠠᠨ ᠲᠦᠮᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠦᠴᠢᠦᠸᠠᠨ ᠤ ᠬᠥᠪᠡᠭᠦᠳ ᠥᠬᠢᠳ ᠤᠨ ᠴᠤᠭ ᠪᠠᠳᠠᠷᠠᠩᠭᠤᠶ | ᠪᠠᠶᠠᠰᠤᠩᠭᠤᠶ᠂ ᠢᠳᠡᠪᠬᠢᠲᠡᠶ ᠤᠷᠤᠭᠰᠢᠯᠠᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ | ᠰᠣᠶᠣᠯ ᠤᠨ ᠦᠶᠯᠡᠰ ᠤᠨ ᠬᠥᠭᠵᠢᠯᠲᠡ ᠴᠡᠴᠡᠭᠯᠡᠯᠲᠡ ᠶᠢ ᠪᠦᠲᠦᠮᠵᠢᠲᠡᠶ ᠠᠬᠢᠭᠤᠯᠵᠤ᠂ ᠣᠶᠤᠨ ᠤ ᠪᠣᠯᠪᠠᠰᠤᠨ ᠤ | ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠨᠳᠦᠯᠡᠭᠰᠡᠨ 103 ᠵᠢᠯ ᠤᠨ ᠤᠢ ᠶᠢ ᠪᠡᠯᠭᠡᠯᠡᠬᠦ ᠲᠠᠰᠢᠷᠠᠮ | ᠢᠶᠠᠷ᠂ ᠮᠠᠨ ᠤ ᠶᠠᠩᠭᠠᠷ ᠳᠠᠭᠤᠤ ᠶᠢᠨ ᠨᠡᠶᠢᠭᠡᠮᠯᠢᠭ 16 ᠶᠠᠩᠭᠠᠷ ᠳᠠᠭᠤᠤ ᠶᠢᠨ ᠠᠩᠬᠢ ᠵᠣᠬᠢᠶᠠᠨ ᠪᠠᠶᠢᠭᠤᠯᠵᠤ ᠲᠤᠰ | ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠥᠷᠭᠡᠨ ᠤᠯᠠᠨ ᠪᠥᠵᠢᠭᠯᠡᠭᠴᠢ ᠶᠢᠨ ᠨᠠᠮ ᠳᠠᠭᠠᠨ ᠬᠠᠶᠢᠷᠠᠲᠠᠢ | ᠪᠠᠶᠢᠬᠤ ᠶᠢ ᠢᠯᠡᠳᠬᠡᠪᠡ᠂ ᠪᠢᠳᠡ ᠨᠢᠭᠡ ᠰᠠᠷ᠎ᠠ ᠶᠠᠭᠠᠷᠠᠯᠲᠠᠢ ᠠᠵᠢᠯᠯᠠᠵᠤ᠂ ᠡᠯ᠎ᠡ ᠡᠩᠨᠡᠭᠡ ᠴᠥᠮ ᠥᠪᠡᠷ ᠤᠨ | ᠲᠣᠭᠯᠠᠯᠲᠠ ᠶᠢᠨ ᠬᠡᠯᠪᠡᠷᠢ ᠪᠠᠨ ᠠᠪᠴᠢᠷᠠᠵᠤ᠂ ᠥᠪᠡᠷ ᠤᠨ ᠰᠡᠳᠬᠢᠯᠭᠡ ᠪᠠᠨ ᠢᠯᠡᠳᠬᠡᠭᠰᠡᠨ ᠭᠡᠵᠦ ᠬᠡᠯᠡᠵᠦ ᠪᠣᠯᠤᠨ᠎ᠠ᠃ | ︾ ᠭᠡᠵᠦ ᠲᠦᠴᠢᠦᠸᠠᠨ ᠰᠢᠶᠠᠨ ᠤ ᠶᠠᠩᠭᠠᠷ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠰᠦᠨ ᠯᠢ ᠵᠢᠶᠦ᠋ᠨ ᠬᠡᠯᠡᠨ᠎ᠡ᠃ | |