ᠦᠩᠭᠡᠳᠦ ᠲᠣᠷᠭ᠎ᠠ ᠳᠤᠷᠳᠤᠩ ᠪᠥᠵᠢᠭᠯᠡᠵᠦ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠨ᠎ᠡ
ᠨᠡᠶᠢᠲᠡᠯᠡᠭᠰᠡᠨ ᠴᠠᠭ᠄
2024/7/4
   ︽ᠮᠠᠨ ᠤ ᠶᠠᠩᠭᠠᠷ ᠪᠥᠵᠢᠭ ᠤᠨ ᠠᠩᠭᠢ 80 ᠭᠠᠷᠤᠢ ᠬᠥᠮᠦᠨ ᠲᠠᠢ᠂ ᠳᠤᠮᠳᠠᠴᠢ ᠨᠠᠰᠤ ᠨᠢ ᠪᠦᠬᠦᠯᠢ 65 ᠨᠠᠰᠤ᠂ ᠪᠢᠳᠡᠨ ᠤ ᠥᠨᠥᠳᠦᠷ ᠤᠨ ᠲᠣᠭᠯᠠᠯᠲᠠ ᠪᠣᠯ ︽ᠡᠵᠢ ᠪᠣᠯ ᠳᠤᠮᠳᠠᠳᠤ ᠤᠯᠤᠰ︾ ᠪᠣᠯᠤᠨ᠎ᠠ᠂ ᠬᠡᠴᠢᠨᠡᠨ ᠰᠠᠶᠢᠬᠠᠨ ᠪᠥᠵᠢᠭ ᠤᠨ ᠳᠦᠷᠢ ᠪᠠᠷ ᠡᠬᠡ ᠤᠯᠤᠰ ᠤᠨ ᠴᠡᠴᠡᠭᠯᠡᠨ ᠬᠥᠭᠵᠢᠵᠦ᠂ ᠤᠯᠠᠮ ᠠᠴᠠ ᠤᠯᠠᠮ ᠰᠠᠶᠢᠵᠢᠷᠠᠬᠤ  ᠶᠢ ᠵᠥᠩᠨᠡᠵᠦ ᠪᠠᠶᠢᠨ᠎ᠠ᠃︾ ᠭᠡᠵᠦ ᠬᠠᠩᠭᠠᠢ ᠴᠡᠴᠡᠭ ᠤᠨ ᠶᠠᠩᠭᠠᠷ ᠤᠨ ᠠᠩᠭᠢ ᠶᠢᠨ ᠳᠠᠷᠤᠭ᠎ᠠ ᠭᠦᠩ ᠬᠦᠶ ᠶᠦᠨ ᠰᠡᠳᠬᠢᠯ ᠳᠣᠭᠳᠣᠯᠤᠨ ᠬᠡᠯᠡᠪᠡ᠃
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠲᠦᠴᠢᠦᠸᠠᠨ ᠰᠢᠶᠠᠨ ︽ᠤᠯᠠᠭᠠᠨ ᠵᠢᠷᠦᠬᠡ ᠨᠠᠮ  ᠲᠠᠢ ᠪᠠᠨ ᠲᠤᠯᠤᠭᠠᠨ ᠰᠠᠷ᠎ᠠ ᠶᠢᠨ ᠨᠢᠭᠡᠨ ᠢ ᠤᠭᠲᠤᠬᠤ︾ ᠶᠠᠩᠭᠠᠷ ᠳᠠᠭᠤᠤ ᠶᠢᠨ ᠤᠷᠠᠨ ᠰᠠᠶᠢᠬᠠᠨ ᠤ ᠲᠣᠭᠯᠠᠯᠲᠠ  ᠶᠢᠨ ᠠᠵᠢᠯᠯᠠᠭ᠎ᠠ ᠡᠷᠭᠢᠯᠡᠵᠦ᠂ ᠰᠢᠶᠠᠨ ᠤ ᠶᠠᠩᠭᠠᠷ ᠤᠨ ᠨᠡᠶᠢᠭᠡᠮᠯᠢᠭ ᠤᠨ 16 ᠡᠩᠨᠡᠭᠡ᠂ 700 ᠭᠠᠷᠤᠶ ᠬᠥᠮᠦᠨ ᠲᠣᠭᠯᠠᠯᠲᠠ ᠳᠤ ᠣᠷᠣᠯᠴᠠᠪᠠ᠃
   ᠠᠵᠢᠯᠯᠠᠭ᠎ᠠ ᠶᠢᠨ ᠳᠤᠮᠳᠠ᠂ ᠡᠯ᠎ᠡ ᠲᠣᠭᠯᠠᠯᠲᠠ ᠶᠢᠨ ᠠᠩᠭᠢ ᠶᠢᠨ ᠬᠢᠨ ᠥᠩᠭᠡ ᠢᠯᠭᠠᠷᠠᠭᠰᠠᠨ ᠬᠤᠪᠴᠠᠰᠤ ᠬᠤᠨᠠᠷ ᠡᠮᠦᠰᠴᠦ᠂ ᠲᠣᠯᠣᠭᠠᠶ ᠳᠠᠭᠠᠨ ᠥᠩᠭᠡ ᠢᠯᠭᠠᠷᠠᠭᠰᠠᠨ ᠲᠣᠯᠣᠭᠠᠶ ᠶᠢᠨ ᠵᠠᠰᠠᠯ ᠵᠡᠭᠦᠵᠦ᠂ ᠪᠦᠰᠡᠯᠡᠭᠦᠷ ᠲᠡᠭᠡᠨ ᠥᠩᠭᠡ ᠢᠯᠭᠠᠷᠠᠭᠰᠠᠨ ᠥᠩᠭᠡᠲᠦ ᠪᠦᠴᠡ ᠤᠶᠠᠵᠤ᠂ ᠭᠠᠷ ᠲᠠᠭᠠᠨ ᠥᠩᠭᠡᠲᠦ ᠳᠡᠪᠢᠭᠦᠷ ᠠᠳᠬᠤᠨ ᠪᠥᠵᠢᠭᠯᠡᠵᠦ᠂ ᠬᠡᠩᠭᠡᠷᠭᠡ ᠶᠢᠨ ᠴᠡᠭ ᠤᠨ ᠬᠠᠮᠵᠢᠯᠴᠠᠭ᠎ᠠ ᠳᠣᠤᠷ᠎ᠠ᠂ ᠬᠤᠪᠢᠰᠬᠠᠯᠳᠤ ᠳᠠᠭᠤᠤ ᠪᠠᠷ ᠭᠤᠤᠯ ᠠᠴᠢᠶᠠᠯᠠᠭᠴᠢ ᠪᠣᠯᠭᠠᠵᠤ᠂ ᠵᠡᠭᠦᠨ ᠬᠤᠶᠢᠲᠤ ᠶᠢᠨ ᠶᠠᠩᠭᠠᠷ ᠤᠨ ᠪᠠᠶᠠᠷ ᠪᠠᠶᠠᠰᠬᠤᠯᠠᠩ ᠪᠠ ᠬᠠᠯᠠᠭᠤᠨ ᠰᠡᠳᠬᠢᠯᠭᠡ ᠶᠢ ᠲᠡᠭᠦᠯᠳᠡᠷ ᠰᠠᠶᠢᠬᠠᠨ ᠢᠯᠡᠷᠡᠭᠦᠯᠪᠡ᠃ ᠲᠤᠮᠤ ᠬᠡᠯᠪᠡᠷᠢ ᠶᠢᠨ ᠪᠥᠵᠢᠭ ︽ᠶᠠᠩᠭᠠᠷ ᠪᠥᠵᠢᠭ ᠤᠨ ᠰᠡᠳᠬᠢᠯᠭᠡ︾᠂ ︽ᠨᠤᠲᠤᠭ ᠤᠨ ᠳᠠᠭᠤᠤ  ᠪᠠᠨ ᠳᠠᠭᠤᠯᠠᠵᠤ ᠨᠠᠮ ᠳᠠᠭᠠᠨ ᠰᠣᠨᠣᠰᠬᠠᠶ᠎ᠠ︾᠂ ︽ᠳᠤᠮᠳᠠᠳᠤ ᠤᠯᠤᠰ ᠢᠶᠠᠨ ᠬᠠᠶᠢᠷᠠᠯᠠᠨ᠎ᠠ︾᠂ ︽ᠳᠣᠷᠣᠨ᠎ᠠ ᠵᠦᠭ ᠲᠤᠶᠠᠭᠠᠷᠠᠯ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠤᠭᠤᠳ ᠶᠠᠭᠠᠷᠠᠯᠲᠠᠢ ᠶᠠᠪᠤᠭᠳᠠᠵᠤ᠂ ᠲᠣᠭᠯᠠᠭᠴᠢᠳ ᠤᠨ ᠬᠥᠳᠡᠯᠭᠡᠭᠡᠨ ᠲᠠᠷᠢ ᠲᠡᠭᠰᠢ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠢᠳᠡᠪᠬᠢᠲᠡᠢ ᠤᠷᠤᠭᠰᠢᠯᠠᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠠᠷᠠᠳ ᠤᠯᠠᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃
   ︽ᠪᠢᠳᠡ ᠥᠨᠥᠳᠦᠷ ︿ᠬᠥᠭᠵᠢᠯ ᠪᠠᠳᠠᠷᠠᠯᠲᠤ ᠳᠤᠮᠳᠠᠳᠤ ᠤᠯᠤᠰ ᠢ ᠵᠥᠩᠨᠡᠶ᠎ᠡ﹀ ᠭᠡᠬᠦ ᠲᠣᠭᠯᠠᠯᠲᠠ ᠭᠠᠷᠭᠠᠨ᠎ᠠ᠂ ᠡᠨᠡ ᠲᠣᠭᠯᠠᠯᠲᠠ ᠶᠢ ᠪᠢᠳᠡ ᠬᠠᠭᠠᠰ ᠰᠠᠷ᠎ᠠ ᠪᠣᠯᠪᠠᠰᠤᠷᠠᠪᠠ᠂ ᠬᠡᠳᠦᠶᠢᠪᠡᠷ ᠮᠠᠰᠢ ᠵᠦᠳᠡᠷᠡᠯᠲᠡᠶ ᠪᠣᠯᠪᠠᠴᠤ ᠮᠠᠨ ᠤ ᠠᠩᠭᠢ ᠶᠢᠨ ᠭᠡᠰᠢᠭᠦᠳ ᠪᠦᠷ ᠶᠠᠳᠠᠷᠠᠵᠤ ᠪᠠᠶᠬᠤ ᠦᠭᠡᠢ᠂ ᠰᠡᠳᠬᠢᠯ ᠰᠠᠨᠠᠭ᠎ᠠ ᠮᠠᠰᠢ ᠪᠠᠶᠠᠷᠲᠠᠶ ᠪᠠᠶᠢᠨ᠎ᠠ᠂ ᠮᠠᠨ ᠤ ᠡᠬᠡ ᠤᠯᠤᠰ ᠤᠯᠠᠮ ᠠᠴᠠ ᠤᠯᠠᠮ ᠰᠠᠢᠨ ᠪᠣᠯᠬᠤ ᠶᠢ ᠵᠥᠩᠨᠡᠶ᠎ᠡ︾ ᠭᠡᠵᠦ ᠨᠠᠨ ᠰᠢᠶᠠᠩ ᠲᠣᠰᠬᠤᠨ ᠤ ᠶᠠᠩᠭᠠᠷ ᠤᠨ ᠠᠩᠭᠢ ᠶᠢᠨ ᠳᠠᠷᠤᠭ᠎ᠠ ᠯᠢᠨ ᠰᠢᠦ ᠹᠧᠩ ᠬᠡᠯᠡᠨ᠎ᠡ᠃    ᠲᠣᠰ ᠤᠳᠠᠭᠠᠨ ᠤ ᠶᠠᠩᠭᠠᠷ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠺᠠᠳ᠋ᠷ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠦᠴᠢᠦᠸᠠᠨ ᠤ ᠬᠥᠪᠡᠭᠦᠳ ᠥᠬᠢᠳ ᠤᠨ ᠴᠤᠭ ᠪᠠᠳᠠᠷᠠᠩᠭᠤᠶ ᠪᠠᠶᠠᠰᠤᠩᠭᠤᠶ᠂ ᠢᠳᠡᠪᠬᠢᠲᠡᠶ ᠤᠷᠤᠭᠰᠢᠯᠠᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠰᠣᠶᠣᠯ ᠤᠨ ᠦᠶᠯᠡᠰ ᠤᠨ ᠬᠥᠭᠵᠢᠯᠲᠡ ᠴᠡᠴᠡᠭᠯᠡᠯᠲᠡ ᠶᠢ ᠪᠦᠲᠦᠮᠵᠢᠲᠡᠶ ᠠᠬᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠨᠳᠦᠯᠡᠭᠰᠡᠨ 103 ᠵᠢᠯ ᠤᠨ ᠤᠢ ᠶᠢ ᠪᠡᠯᠭᠡᠯᠡᠬᠦ ᠲᠠᠰᠢᠷᠠᠮ  ᠢᠶᠠᠷ᠂ ᠮᠠᠨ ᠤ ᠶᠠᠩᠭᠠᠷ ᠳᠠᠭᠤᠤ ᠶᠢᠨ ᠨᠡᠶᠢᠭᠡᠮᠯᠢᠭ 16 ᠶᠠᠩᠭᠠᠷ ᠳᠠᠭᠤᠤ ᠶᠢᠨ ᠠᠩᠬᠢ ᠵᠣᠬᠢᠶᠠᠨ ᠪᠠᠶᠢᠭᠤᠯᠵᠤ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠥᠷᠭᠡᠨ ᠤᠯᠠᠨ ᠪᠥᠵᠢᠭᠯᠡᠭᠴᠢ ᠶᠢᠨ ᠨᠠᠮ ᠳᠠᠭᠠᠨ ᠬᠠᠶᠢᠷᠠᠲᠠᠢ ᠪᠠᠶᠢᠬᠤ ᠶᠢ ᠢᠯᠡᠳᠬᠡᠪᠡ᠂ ᠪᠢᠳᠡ ᠨᠢᠭᠡ ᠰᠠᠷ᠎ᠠ ᠶᠠᠭᠠᠷᠠᠯᠲᠠᠢ ᠠᠵᠢᠯᠯᠠᠵᠤ᠂ ᠡᠯ᠎ᠡ ᠡᠩᠨᠡᠭᠡ ᠴᠥᠮ ᠥᠪᠡᠷ ᠤᠨ ᠲᠣᠭᠯᠠᠯᠲᠠ ᠶᠢᠨ ᠬᠡᠯᠪᠡᠷᠢ ᠪᠠᠨ ᠠᠪᠴᠢᠷᠠᠵᠤ᠂ ᠥᠪᠡᠷ ᠤᠨ ᠰᠡᠳᠬᠢᠯᠭᠡ ᠪᠠᠨ ᠢᠯᠡᠳᠬᠡᠭᠰᠡᠨ ᠭᠡᠵᠦ ᠬᠡᠯᠡᠵᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠶᠠᠩᠭᠠᠷ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠰᠦᠨ ᠯᠢ ᠵᠢᠶᠦ᠋ᠨ ᠬᠡᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号