7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠵᠡᠭᠦᠨ ᠲᠦᠷᠦᠯᠵᠢ ᠪᠠᠯᠭᠠᠰᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ︽ᠬᠠᠶᠢᠷ᠎ᠠ ᠬᠠᠯᠠᠮᠵᠢ ᠶᠢᠨ ᠵᠢᠷᠭᠠᠯᠠᠩᠲᠤ ᠬᠦᠷᠢᠶᠡᠯᠡᠩ ᠨᠠᠮ | ᠤᠨ ᠡᠨᠡᠷᠢᠯ ᠬᠠᠶᠢᠷ᠎ᠠ ᠶᠢ ᠬᠠᠮᠲᠤ ᠪᠠᠷ ᠶᠠᠷᠢᠯᠴᠠᠬᠤ︾ ᠠᠵᠢᠯᠯᠠᠭ᠎ᠠ ᠥᠷᠨᠢᠭᠦᠯᠦᠭᠰᠡᠨ ᠪᠥᠭᠡᠳ ᠵᠣᠯ ᠵᠢᠷᠭᠠᠯ ᠤᠨ | ᠬᠦᠷᠢᠶᠡᠯᠡᠩ ᠤᠨ ᠨᠠᠰᠤᠲᠠᠶᠢᠴᠤᠳ ᠲᠤ ᠭᠦᠨ ᠵᠤᠵᠠᠭᠠᠨ ᠨᠥᠬᠦᠷᠯᠡᠯ ᠪᠠ ᠬᠠᠯᠠᠭᠤᠨ ᠳᠣᠲᠣᠨᠣ ᠲᠣᠬᠤᠨᠢᠭᠤᠯᠬᠤ | ᠪᠣᠳᠠᠰ ᠠᠪᠴᠢᠷᠠᠵᠠᠶ᠃ | | ︽ᠣᠷᠴᠢᠮ ᠪᠡᠶ᠎ᠡ ᠴᠢᠨᠢ ᠶᠠᠭᠠᠬᠢᠵᠤ ᠪᠠᠶᠢᠨ᠎ᠠ ᠪᠤᠢ︖ ᠡᠨᠡ ᠬᠠᠰᠢᠶ᠎ᠠ ᠴᠢᠨᠢ ᠦᠨᠡᠬᠡᠷ ᠰᠠᠶᠢᠨ ᠶᠠᠮᠠᠷ ᠨᠣᠭᠤᠭ᠎ᠠ | ᠴᠤ ᠪᠠᠶᠢᠨ᠎ᠠ᠃︾ ᠭᠡᠵᠦ ᠰᠠᠶᠢᠨ ᠳᠤᠷ᠎ᠠ ᠶᠢᠨ ᠠᠵᠢᠯᠯᠠᠭᠴᠢ ᠳ᠋ᠦᠩ ᠡᠭᠡᠴᠢ ᠪᠣᠯᠤᠨ ᠬᠦᠷᠢᠶᠡᠯᠡᠩ ᠤᠨ ᠨᠠᠰᠤᠲᠠᠨ | ᠳᠣᠲᠣᠨᠣᠰᠤᠭ ᠢᠶᠠᠷ ᠵᠣᠭᠤᠭ ᠳᠡᠯᠭᠡᠵᠦ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠶᠢᠨ ᠪᠠᠶᠢᠳᠠᠯ ᠢ | ᠣᠶᠢᠯᠠᠭᠠᠵᠤ᠂ ᠲᠡᠳᠡᠨ ᠢ ᠪᠡᠶ᠎ᠡ ᠪᠠᠨ ᠭᠠᠮᠨᠠᠭᠠᠷᠠᠶ ᠭᠡᠵᠦ ᠳᠠᠬᠢᠨ ᠳᠠᠪᠲᠠᠨ ᠵᠠᠬᠢᠪᠠ᠃ ︽ᠨᠠᠮ ᠤᠨ ᠲᠥᠷᠥ ᠶᠢᠨ | ᠪᠣᠳᠣᠯᠭ᠎ᠠ ᠮᠠᠰᠢ ᠰᠠᠶᠢᠨ᠂ ᠦᠨ᠎ᠡ ᠲᠥᠯᠥᠪᠦᠷᠢ ᠥᠬᠡᠶ ᠪᠠᠷ ᠪᠢᠳᠡᠨ ᠳᠤ ᠣᠷᠣᠨ ᠰᠠᠭᠤᠴᠠ ᠬᠠᠩᠭᠠᠵᠤ᠂ ᠣᠯᠠᠨ | ᠢᠶᠠᠷ ᠢᠶᠠᠨ ᠬᠠᠮᠲᠤ ᠠᠮᠢᠳᠤᠷᠠᠪᠠᠯ ᠦᠨᠡᠬᠡᠷ ᠵᠣᠯ ᠵᠢᠷᠭᠠᠯ ᠲᠠᠢ᠂ ᠬᠠᠯᠠᠭᠤᠨ ᠰᠡᠳᠬᠢᠯᠲᠦ ᠬᠥᠮᠦᠰ ᠵᠢᠯ ᠴᠠᠭᠠᠨ ᠰᠠᠷ᠎ᠠ | ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠴᠥᠮ ᠪᠢᠳᠡᠨ ᠢ ᠦᠵᠡᠬᠦ ᠪᠠᠷ ᠢᠷᠡᠵᠦ᠂ ᠰᠡᠳᠬᠢᠯ ᠳᠣᠲᠣᠷ᠎ᠠ ᠮᠠᠰᠢ | ᠳᠤᠯᠠᠭᠠᠬᠠᠨ ᠪᠠᠶᠢᠳᠠᠭ︕︾ ᠭᠡᠵᠦ ᠵᠣᠯ ᠵᠢᠷᠭᠠᠯ ᠤᠨ ᠬᠦᠷᠢᠶᠡᠯᠡᠩ ᠤᠨ ᠯᠢ ᠨᠠᠰᠤᠲᠠᠨ ᠰᠡᠳᠬᠢᠯ ᠳᠣᠭᠳᠣᠯᠤᠨ | ᠬᠡᠯᠡᠪᠡ᠃ | | ︽ᠪᠢ ᠵᠢᠯ ᠪᠦᠷᠢ ᠵᠣᠯ ᠵᠢᠷᠭᠠᠯ ᠤᠨ ᠬᠦᠷᠢᠶᠡᠯᠡᠩ ᠳᠤ ᠭᠤᠷᠪᠠ ᠳᠥᠷᠪᠡᠨ ᠤᠳᠠᠭ᠎ᠠ ᠢᠷᠡᠳᠡᠭ᠂ ᠬᠡᠳᠦᠶᠢᠪᠡᠷ | ᠴᠢᠳᠠᠪᠤᠷᠢ ᠬᠢᠵᠠᠭᠠᠷ ᠲᠠᠢ ᠪᠣᠯᠪᠠᠴᠤ᠂ ᠪᠠᠰᠠ ᠥᠪᠡᠷ ᠤᠨ ᠥᠴᠦᠬᠡᠨ ᠲᠡᠳᠦᠢ ᠬᠦᠴᠦ ᠪᠠᠨ ᠰᠢᠪᠬᠠᠨ | ᠨᠠᠰᠤᠲᠠᠶᠢᠴᠤᠳ ᠲᠤ ᠬᠠᠪᠰᠤᠷᠤᠯᠭ᠎ᠠ ᠦᠵᠡᠭᠦᠯᠦᠶ᠎ᠡ ᠭᠡᠵᠦ ᠪᠣᠳᠣᠵᠤ ᠪᠠᠶᠢᠨ᠎ᠠ᠂ ᠨᠠᠮ ᠤᠨ ᠤᠳᠤᠷᠢᠳᠤᠯᠭ᠎ᠠ ᠳᠣᠣᠷ᠎ᠠ᠂ | ᠪᠢᠳᠡᠨ ᠤ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠠᠢ᠂ ᠤᠳᠤ ᠨᠥᠬᠦᠴᠡᠯ ᠲᠠᠢ ᠪᠤᠯᠵᠦ᠂ ᠨᠡᠶᠢᠭᠡᠮ ᠳᠤ ᠠᠴᠢ | ᠬᠠᠷᠢᠭᠤᠯᠬᠤ ᠴᠠᠭ ᠪᠣᠯᠵᠠᠢ︕︾ ᠭᠡᠵᠦ ᠬᠠᠯᠠᠭᠤᠨ ᠰᠡᠳᠬᠢᠯᠲᠦ ᠬᠥᠮᠦᠨ ᠭᠤᠤ ᠢᠦ᠋ᠢ ᠷᠦᠩ ᠬᠡᠯᠡᠪᠡ᠃ ᠰᠠᠶᠢᠨ | ᠳᠤᠷᠠᠴᠤᠳ ᠪᠠᠰᠠ᠂ ᠯᠠᠪᠲᠠᠶ ᠠᠯᠢ ᠴᠢᠳᠠᠬᠤ ᠪᠠᠷ ᠬᠠᠪᠰᠤᠷᠤᠯᠭ᠎ᠠ ᠬᠠᠩᠭᠠᠵᠤ᠂ ᠰᠠᠶᠢᠨ ᠳᠤᠷᠠᠴᠤᠳ ᠢ ᠵᠣᠯ ᠵᠢᠷᠭᠠᠯ | ᠤᠨ ᠬᠦᠷᠢᠶᠡᠯᠡᠩ ᠳᠤ ᠬᠠᠮᠤᠭ ᠤᠨ ᠥᠳᠬᠡᠨ ᠰᠠᠶᠢᠬᠠᠨ ᠦᠳᠡᠯᠦᠭᠡ ᠨᠠᠰᠤᠨ ᠤ ᠵᠤᠯ ᠵᠢᠷᠭᠠᠯ ᠤᠨ ᠵᠢᠷᠤᠭ | ᠵᠢᠷᠤᠭᠤᠯᠤᠨ᠎ᠠ ᠭᠡᠵᠦ ᠢᠯᠡᠳᠬᠡᠵᠡᠭᠡᠪᠡ᠃ | | ᠲᠣᠰ ᠤᠳᠠᠭᠠᠨ ᠤ ᠠᠵᠢᠯᠯᠠᠭ᠎ᠠ ᠨᠢ ᠵᠣᠯ ᠵᠢᠷᠭᠠᠯ ᠤᠨ ᠬᠦᠷᠢᠶᠡᠯᠡᠩ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ | ᠨᠠᠰᠤᠲᠠᠶᠢᠴᠤᠳ ᠢ ᠬᠠᠯᠠᠮᠵᠢᠯᠠᠨ ᠪᠠᠶᠠᠷᠯᠠᠭᠤᠯᠵᠤ᠂ ᠨᠠᠮ ᠤᠨ ᠬᠠᠶᠢᠷ᠎ᠠ ᠬᠠᠯᠠᠮᠵᠢ ᠪᠠ ᠢᠷᠥᠭᠡᠯ ᠵᠥᠩᠨᠡᠯ ᠢ ᠰᠡᠳᠬᠢᠯ | ᠤᠨ ᠭᠦᠨ ᠳᠤ ᠬᠦᠷᠭᠡᠵᠦ᠂ ᠪᠥᠬᠦ ᠪᠠᠯᠭᠠᠰᠤᠨ ᠤ ᠬᠡᠪᠴᠢᠶᠡᠨ ᠳᠤ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ | ᠬᠦᠨᠳᠦᠯᠡᠬᠦ ᠪᠣᠯᠪᠠᠰᠤᠨ ᠤ ᠬᠠᠯᠠᠭᠤᠨ ᠥᠷᠨᠢᠯᠲᠡ ᠭᠠᠷᠭᠠᠪᠠ᠃ ᠲᠠᠷᠠᠭᠠᠴᠢ ᠶᠢᠨ ᠠᠯᠬᠤᠮ ᠳᠤ᠂ ᠵᠡᠭᠦᠨ ᠲᠦᠷᠦᠯᠵᠢ | ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠴᠤ ᠪᠠᠯᠭᠠᠰᠤᠨ ᠤ ᠬᠠᠯᠠᠭᠤᠨ | ᠰᠡᠳᠬᠢᠯᠲᠦ ᠬᠥᠮᠦᠰ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠨᠠᠰᠤᠲᠠᠨ ᠢᠶᠠᠨ ᠠᠴᠢᠯᠠᠵᠤ ᠲᠥᠷᠥᠯ | ᠰᠠᠳᠤᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠴᠢᠷᠮᠠᠶᠢᠨ ᠪᠠᠳᠠᠷᠠᠭᠤᠯᠵᠤ᠂ ᠪᠥᠬᠦ ᠪᠠᠯᠭᠠᠰᠤᠨ ᠳᠤ | ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ | ᠬᠠᠪᠰᠤᠷᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠨ᠎ᠠ᠃ |