ᠵᠡᠭᠦᠨ ᠲᠦᠷᠦᠯᠵᠢ ᠪᠠᠯᠭᠠᠰᠤ ︽ᠬᠠᠶᠢᠷ᠎ᠠ ᠬᠠᠯᠠᠮᠵᠢ ᠶᠢᠨ ᠵᠢᠷᠭᠠᠯᠠᠩᠲᠤ ᠬᠦᠷᠢᠶᠡᠯᠡᠩ ᠨᠠᠮ ᠤᠨ ᠡᠨᠡᠷᠢᠯ ᠬᠠᠶᠢᠷ᠎ᠠ ᠶᠢ ᠬᠠᠮᠲᠤ ᠪᠠᠷ ᠶᠠᠷᠢᠯᠴᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/5
   7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠵᠡᠭᠦᠨ ᠲᠦᠷᠦᠯᠵᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ︽ᠬᠠᠶᠢᠷ᠎ᠠ ᠬᠠᠯᠠᠮᠵᠢ ᠶᠢᠨ ᠵᠢᠷᠭᠠᠯᠠᠩᠲᠤ ᠬᠦᠷᠢᠶᠡᠯᠡᠩ ᠨᠠᠮ  ᠤᠨ ᠡᠨᠡᠷᠢᠯ ᠬᠠᠶᠢᠷ᠎ᠠ ᠶᠢ ᠬᠠᠮᠲᠤ ᠪᠠᠷ ᠶᠠᠷᠢᠯᠴᠠᠬᠤ︾ ᠠᠵᠢᠯᠯᠠᠭ᠎ᠠ ᠥᠷᠨᠢᠭᠦᠯᠦᠭᠰᠡᠨ ᠪᠥᠭᠡᠳ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠲᠤ ᠭᠦᠨ ᠵᠤᠵᠠᠭᠠᠨ ᠨᠥᠬᠦᠷᠯᠡᠯ ᠪᠠ ᠬᠠᠯᠠᠭᠤᠨ ᠳᠣᠲᠣᠨᠣ ᠲᠣᠬᠤᠨᠢᠭᠤᠯᠬᠤ ᠪᠣᠳᠠᠰ ᠠᠪᠴᠢᠷᠠᠵᠠᠶ᠃
   ︽ᠣᠷᠴᠢᠮ ᠪᠡᠶ᠎ᠡ ᠴᠢᠨᠢ ᠶᠠᠭᠠᠬᠢᠵᠤ ᠪᠠᠶᠢᠨ᠎ᠠ ᠪᠤᠢ︖ ᠡᠨᠡ ᠬᠠᠰᠢᠶ᠎ᠠ ᠴᠢᠨᠢ ᠦᠨᠡᠬᠡᠷ ᠰᠠᠶᠢᠨ ᠶᠠᠮᠠᠷ ᠨᠣᠭᠤᠭ᠎ᠠ ᠴᠤ ᠪᠠᠶᠢᠨ᠎ᠠ᠃︾ ᠭᠡᠵᠦ ᠰᠠᠶᠢᠨ ᠳᠤᠷ᠎ᠠ ᠶᠢᠨ ᠠᠵᠢᠯᠯᠠᠭᠴᠢ ᠳ᠋ᠦᠩ ᠡᠭᠡᠴᠢ ᠪᠣᠯᠤᠨ ᠬᠦᠷᠢᠶᠡᠯᠡᠩ ᠤᠨ ᠨᠠᠰᠤᠲᠠᠨ ᠳᠣᠲᠣᠨᠣᠰᠤᠭ ᠢᠶᠠᠷ ᠵᠣᠭᠤᠭ ᠳᠡᠯᠭᠡᠵᠦ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠶᠢᠨ ᠪᠠᠶᠢᠳᠠᠯ ᠢ ᠣᠶᠢᠯᠠᠭᠠᠵᠤ᠂ ᠲᠡᠳᠡᠨ ᠢ ᠪᠡᠶ᠎ᠡ ᠪᠠᠨ ᠭᠠᠮᠨᠠᠭᠠᠷᠠᠶ ᠭᠡᠵᠦ ᠳᠠᠬᠢᠨ ᠳᠠᠪᠲᠠᠨ ᠵᠠᠬᠢᠪᠠ᠃ ︽ᠨᠠᠮ ᠤᠨ ᠲᠥᠷᠥ ᠶᠢᠨ ᠪᠣᠳᠣᠯᠭ᠎ᠠ ᠮᠠᠰᠢ ᠰᠠᠶᠢᠨ᠂ ᠦᠨ᠎ᠡ ᠲᠥᠯᠥᠪᠦᠷᠢ ᠥᠬᠡᠶ ᠪᠠᠷ ᠪᠢᠳᠡᠨ ᠳᠤ ᠣᠷᠣᠨ ᠰᠠᠭᠤᠴᠠ ᠬᠠᠩᠭᠠᠵᠤ᠂ ᠣᠯᠠᠨ  ᠢᠶᠠᠷ ᠢᠶᠠᠨ ᠬᠠᠮᠲᠤ ᠠᠮᠢᠳᠤᠷᠠᠪᠠᠯ ᠦᠨᠡᠬᠡᠷ ᠵᠣᠯ ᠵᠢᠷᠭᠠᠯ ᠲᠠᠢ᠂ ᠬᠠᠯᠠᠭᠤᠨ ᠰᠡᠳᠬᠢᠯᠲᠦ ᠬᠥᠮᠦᠰ ᠵᠢᠯ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠴᠥᠮ ᠪᠢᠳᠡᠨ ᠢ ᠦᠵᠡᠬᠦ ᠪᠠᠷ ᠢᠷᠡᠵᠦ᠂ ᠰᠡᠳᠬᠢᠯ ᠳᠣᠲᠣᠷ᠎ᠠ ᠮᠠᠰᠢ ᠳᠤᠯᠠᠭᠠᠬᠠᠨ ᠪᠠᠶᠢᠳᠠᠭ︕︾ ᠭᠡᠵᠦ ᠵᠣᠯ ᠵᠢᠷᠭᠠᠯ ᠤᠨ ᠬᠦᠷᠢᠶᠡᠯᠡᠩ ᠤᠨ ᠯᠢ ᠨᠠᠰᠤᠲᠠᠨ ᠰᠡᠳᠬᠢᠯ ᠳᠣᠭᠳᠣᠯᠤᠨ ᠬᠡᠯᠡᠪᠡ᠃
   ︽ᠪᠢ ᠵᠢᠯ ᠪᠦᠷᠢ ᠵᠣᠯ ᠵᠢᠷᠭᠠᠯ ᠤᠨ ᠬᠦᠷᠢᠶᠡᠯᠡᠩ ᠳᠤ ᠭᠤᠷᠪᠠ ᠳᠥᠷᠪᠡᠨ ᠤᠳᠠᠭ᠎ᠠ ᠢᠷᠡᠳᠡᠭ᠂ ᠬᠡᠳᠦᠶᠢᠪᠡᠷ ᠴᠢᠳᠠᠪᠤᠷᠢ ᠬᠢᠵᠠᠭᠠᠷ ᠲᠠᠢ ᠪᠣᠯᠪᠠᠴᠤ᠂ ᠪᠠᠰᠠ ᠥᠪᠡᠷ ᠤᠨ ᠥᠴᠦᠬᠡᠨ ᠲᠡᠳᠦᠢ ᠬᠦᠴᠦ ᠪᠠᠨ ᠰᠢᠪᠬᠠᠨ ᠨᠠᠰᠤᠲᠠᠶᠢᠴᠤᠳ ᠲᠤ ᠬᠠᠪᠰᠤᠷᠤᠯᠭ᠎ᠠ ᠦᠵᠡᠭᠦᠯᠦᠶ᠎ᠡ ᠭᠡᠵᠦ ᠪᠣᠳᠣᠵᠤ ᠪᠠᠶᠢᠨ᠎ᠠ᠂ ᠨᠠᠮ ᠤᠨ ᠤᠳᠤᠷᠢᠳᠤᠯᠭ᠎ᠠ ᠳᠣᠣᠷ᠎ᠠ᠂ ᠪᠢᠳᠡᠨ ᠤ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠠᠢ᠂ ᠤᠳᠤ ᠨᠥᠬᠦᠴᠡᠯ ᠲᠠᠢ ᠪᠤᠯᠵᠦ᠂ ᠨᠡᠶᠢᠭᠡᠮ ᠳᠤ ᠠᠴᠢ ᠬᠠᠷᠢᠭᠤᠯᠬᠤ ᠴᠠᠭ ᠪᠣᠯᠵᠠᠢ︕︾ ᠭᠡᠵᠦ ᠬᠠᠯᠠᠭᠤᠨ ᠰᠡᠳᠬᠢᠯᠲᠦ ᠬᠥᠮᠦᠨ ᠭᠤᠤ ᠢᠦ᠋ᠢ ᠷᠦᠩ ᠬᠡᠯᠡᠪᠡ᠃ ᠰᠠᠶᠢᠨ ᠳᠤᠷᠠᠴᠤᠳ ᠪᠠᠰᠠ᠂ ᠯᠠᠪᠲᠠᠶ ᠠᠯᠢ ᠴᠢᠳᠠᠬᠤ ᠪᠠᠷ ᠬᠠᠪᠰᠤᠷᠤᠯᠭ᠎ᠠ ᠬᠠᠩᠭᠠᠵᠤ᠂ ᠰᠠᠶᠢᠨ ᠳᠤᠷᠠᠴᠤᠳ ᠢ ᠵᠣᠯ ᠵᠢᠷᠭᠠᠯ  ᠤᠨ ᠬᠦᠷᠢᠶᠡᠯᠡᠩ ᠳᠤ ᠬᠠᠮᠤᠭ ᠤᠨ ᠥᠳᠬᠡᠨ ᠰᠠᠶᠢᠬᠠᠨ ᠦᠳᠡᠯᠦᠭᠡ ᠨᠠᠰᠤᠨ ᠤ ᠵᠤᠯ ᠵᠢᠷᠭᠠᠯ ᠤᠨ ᠵᠢᠷᠤᠭ ᠵᠢᠷᠤᠭᠤᠯᠤᠨ᠎ᠠ ᠭᠡᠵᠦ ᠢᠯᠡᠳᠬᠡᠵᠡᠭᠡᠪᠡ᠃
   ᠲᠣᠰ ᠤᠳᠠᠭᠠᠨ ᠤ ᠠᠵᠢᠯᠯᠠᠭ᠎ᠠ ᠨᠢ ᠵᠣᠯ ᠵᠢᠷᠭᠠᠯ ᠤᠨ ᠬᠦᠷᠢᠶᠡᠯᠡᠩ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠨᠠᠰᠤᠲᠠᠶᠢᠴᠤᠳ ᠢ ᠬᠠᠯᠠᠮᠵᠢᠯᠠᠨ ᠪᠠᠶᠠᠷᠯᠠᠭᠤᠯᠵᠤ᠂ ᠨᠠᠮ ᠤᠨ ᠬᠠᠶᠢᠷ᠎ᠠ ᠬᠠᠯᠠᠮᠵᠢ ᠪᠠ ᠢᠷᠥᠭᠡᠯ ᠵᠥᠩᠨᠡᠯ ᠢ ᠰᠡᠳᠬᠢᠯ  ᠤᠨ ᠭᠦᠨ ᠳᠤ ᠬᠦᠷᠭᠡᠵᠦ᠂ ᠪᠥᠬᠦ ᠪᠠᠯᠭᠠᠰᠤᠨ ᠤ ᠬᠡᠪᠴᠢᠶᠡᠨ ᠳᠤ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠪᠣᠯᠪᠠᠰᠤᠨ ᠤ ᠬᠠᠯᠠᠭᠤᠨ ᠥᠷᠨᠢᠯᠲᠡ ᠭᠠᠷᠭᠠᠪᠠ᠃ ᠲᠠᠷᠠᠭᠠᠴᠢ ᠶᠢᠨ ᠠᠯᠬᠤᠮ ᠳᠤ᠂ ᠵᠡᠭᠦᠨ ᠲᠦᠷᠦᠯᠵᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠴᠤ ᠪᠠᠯᠭᠠᠰᠤᠨ ᠤ ᠬᠠᠯᠠᠭᠤᠨ ᠰᠡᠳᠬᠢᠯᠲᠦ ᠬᠥᠮᠦᠰ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠴᠢᠷᠮᠠᠶᠢᠨ ᠪᠠᠳᠠᠷᠠᠭᠤᠯᠵᠤ᠂ ᠪᠥᠬᠦ ᠪᠠᠯᠭᠠᠰᠤᠨ ᠳᠤ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号