ᠬᠠᠮᠲᠤᠷᠠᠭᠰᠠᠨ ᠲᠣᠭᠯᠠᠯᠲᠠ ᠨᠢ ᠠᠭᠤᠰᠤᠯᠴᠠᠯ ᠢ ᠠᠬᠢᠭᠤᠯᠵᠤ ᠣᠯᠠᠨ ᠵᠦᠶᠯ ᠤᠨ ᠠᠵᠢᠯᠯᠠᠭ᠎ᠠ ᠨᠢ ᠰᠢᠨ᠎ᠡ ᠬᠡᠪ ᠰᠤᠷᠲᠠᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/7/5
   ᠲᠣᠰᠬᠤᠨ ᠤ ᠠᠷᠠᠳ ᠤᠨ ᠰᠣᠶᠣᠯ ᠤᠨ ᠴᠤᠭ ᠵᠢᠪᠬᠤᠭ᠎ᠠ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠲᠣᠰᠬᠤᠨ ᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠵᠠᠩ ᠳᠠᠳᠬᠠᠯ ᠢ ᠥᠭᠡᠷᠡᠴᠢᠯᠡᠬᠦ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠂ 7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠯᠢᠦ ᠬᠣ᠋ ᠪᠠᠯᠭᠠᠰᠤᠨ ᠤ ᠵᠢᠤᠢ ᠴᠠᠩ ᠲᠣᠰᠬᠤᠨ᠂ ᠵᠢᠤᠢ ᠾᠧ ᠲᠣᠰᠬᠤᠨ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠪᠡ᠃
   ᠥᠷᠯᠥᠭᠡ ᠶᠢᠨ ᠨᠡᠷᠡᠨ ᠤ ᠠᠭᠠᠵᠢᠮ ᠢᠶᠠᠷ ᠮᠠᠨᠳᠤᠬᠤ ᠶᠢ ᠳᠠᠭᠠᠯᠳᠤᠨ᠂ ᠵᠢᠦᠢ ᠴᠠᠩ ᠲᠣᠰᠬᠤᠨ ᠪᠣᠯᠤᠨ ᠵᠢᠤᠢ ᠾᠧ ᠲᠣᠰᠬᠤᠨ ᠤ ᠠᠷᠠᠳ ᠠᠯᠢ ᠡᠷᠲᠡ ᠠᠴᠠ ᠲᠣᠰᠬᠤᠨ ᠤ ᠶᠠᠮᠤᠨ ᠤ ᠠᠭᠤᠳᠠᠮ ᠲᠠᠯᠠᠪᠠᠶ ᠳᠤ ᠴᠤᠭᠯᠠᠷᠠᠵᠤ᠂ ᠬᠥᠮᠦᠨ ᠪᠣᠯᠭᠠᠨ ᠤ ᠴᠢᠷᠠᠶ ᠳᠤ ᠬᠦᠰᠡᠯ ᠡᠷᠡᠮᠡᠯᠵᠡᠯ ᠪᠠ ᠪᠠᠶᠠᠰᠤᠯ ᠪᠢᠯᠬᠠᠵᠤ ᠪᠠᠶᠢᠯ᠎ᠠ᠃
   ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠨᠠᠷᠢᠨ ᠨᠢᠮᠪᠠᠶ ᠪᠡᠯᠡᠳᠬᠡᠭᠰᠡᠨ 23 ᠲᠣᠭᠯᠠᠯᠲᠠ ᠡᠭᠡᠯᠵᠢᠯᠡᠨ ᠭᠠᠷᠴᠤ᠂ ᠲᠣᠭᠯᠠᠯᠲᠠ ᠨᠢᠭᠡᠪᠦᠷᠢ ᠨᠢ ᠴᠥᠮ ᠲᠣᠰᠬᠤᠨ ᠤ ᠠᠷᠠᠳ ᠤᠨ ᠬᠦᠴᠦ ᠬᠥᠯᠥᠰᠥ ᠶᠢᠨ ᠦᠷ᠎ᠡ ᠪᠦᠲᠦᠭᠡᠯ ᠪᠤᠯᠤᠨ᠎ᠠ᠃ ᠨᠠᠶᠢᠷᠠᠯ ᠳᠠᠭᠤᠤ ᠶᠢᠨ ᠪᠦᠯᠬᠦᠮ ᠤᠨ ᠭᠡᠰᠢᠭᠦᠳ ᠨᠢᠭᠡᠳᠦᠯᠲᠡᠢ ᠬᠤᠪᠴᠠᠰᠤ ᠡᠮᠦᠰᠴᠦ᠂ ᠬᠦᠩᠭᠢᠨᠡᠮ᠎ᠡ ᠪᠥᠭᠡᠳ ᠡᠶ᠎ᠡ ᠵᠣᠬᠢᠴᠠᠩᠭᠤᠢ ᠪᠠᠷ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠵᠡᠷᠭᠡ ᠰᠣᠩᠭᠤᠳᠠᠭ ᠬᠤᠪᠢᠰᠬᠠᠯᠳᠤ ᠳᠠᠭᠤᠤ ᠶᠢ ᠳᠠᠭᠤᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠭᠤᠴᠣᠯᠠᠯ ᠤᠯᠠᠭᠠᠨ ᠳᠠᠭᠤᠤ ᠶᠢᠨ ᠲᠣᠭᠯᠠᠭᠴᠢᠳ ᠥᠪᠡᠷᠮᠢᠴᠡ ᠬᠤᠭᠤᠯᠠᠢ ᠪᠠ ᠭᠦᠨ ᠰᠡᠳᠬᠢᠯᠭᠡ ᠲᠠᠢ ᠲᠣᠭᠯᠠᠯᠲᠠ ᠪᠠᠷ ᠢᠶᠠᠨ ︽ᠪᠡᠭᠡᠵᠢᠩ ᠤᠨ ᠠᠯᠲᠠᠨ ᠠᠭᠤᠯᠠ︾ ᠵᠡᠷᠭᠡ ᠳᠠᠭᠤᠤ ᠶᠢ ᠬᠠᠨᠲᠠᠯ᠎ᠠ ᠳᠠᠭᠤᠯᠠᠵᠤ᠂ ᠦᠶ᠎ᠡ ᠦᠶ᠎ᠡ ᠠᠯᠠᠭ᠎ᠠ ᠲᠠᠰᠢᠯᠲᠠ ᠣᠯᠤᠭᠰᠠᠨ ᠪᠠᠶᠢᠨ᠎ᠠ᠃
   ᠭᠤᠷᠪᠠᠨ ᠥᠭᠦᠯᠡᠪᠦᠷᠢ ᠬᠠᠭᠠᠰ ︽ᠡᠷᠲᠡᠨ ᠡᠳᠦᠭᠡ ᠶᠢᠨ ᠬᠥᠳᠡᠭᠡ ᠲᠣᠰᠬᠤᠨ ᠤ ᠬᠤᠪᠢᠷᠠᠯᠲᠠ ᠶᠡᠭᠡ︾ ᠨᠢ ᠶᠦᠮᠦᠷᠯᠢᠭ ᠱᠣᠭᠲᠠᠶ ᠦᠭᠡ ᠬᠡᠯᠡ ᠪᠠ ᠠᠮᠢᠳᠤᠷᠠᠯ ᠳᠤ ᠣᠶᠢᠷᠠᠲᠤᠭᠰᠠᠨ ᠠᠭᠤᠯᠭ᠎ᠠ ᠪᠠᠷ ᠢᠶᠠᠨ ᠲᠤᠬᠠᠶ ᠶᠢᠨ ᠲᠠᠯᠠᠪᠠᠶ  ᠶᠢᠨ ᠢᠨᠢᠶᠡᠳᠦ ᠶᠢ ᠲᠠᠲᠠᠵᠤ᠂ ᠣᠯᠠᠨ ᠲᠦᠮᠡᠨ ᠢ ᠪᠠᠶᠠᠰᠬᠠᠭᠰᠠᠨ ᠢᠶᠠᠷ ᠪᠠᠷᠠᠬᠤ ᠥᠬᠡᠶ᠂ ᠢᠳᠡᠪᠬᠢ ᠬᠦᠴᠦᠨ ᠢ ᠴᠦ ᠤᠷᠠᠨ ᠢᠶᠠᠷ ᠳᠠᠮᠵᠢᠭᠤᠯᠵᠠᠶ᠃ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ᠬᠥᠭᠵᠢᠮᠳᠡᠳᠡᠭ ᠨᠤᠲᠤᠭ  ᠤᠨ ᠤᠷᠠᠯᠢᠭᠴᠢᠳ ︽ᠪᠢ ᠦᠯᠡᠳᠡᠭᠰᠡᠨ ᠨᠠᠰᠤ ᠪᠠᠨ ᠴᠢᠮ᠎ᠠ ᠳᠤ ᠥᠭᠭᠦᠭᠰᠡᠨ︾᠂ ︽ᠤᠯᠠᠭᠠᠨ ᠲᠣᠭᠤᠰᠣᠲᠤ ᠶᠢᠷᠲᠢᠨᠴᠦ ᠶᠢᠨ ᠢᠨᠠᠭ ᠤᠨ ᠳᠠᠭᠤᠤ︾ ᠵᠡᠷᠭᠡ ᠢᠷᠠᠭᠤ ᠰᠣᠨᠣᠰᠬᠤᠯᠠᠩᠲᠤ ᠬᠥᠭᠵᠢᠮ ᠢ ᠬᠥᠭᠵᠢᠮᠳᠡᠵᠦ᠂ ᠲᠤᠬᠠᠶ  ᠶᠢᠨ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃
ᠲᠣᠭᠯᠠᠯᠲᠠ ᠭᠠᠷᠭᠠᠬᠤ ᠵᠠᠪᠰᠠᠷ ᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠴᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠪᠠ᠃ ᠲᠡᠳᠡ ᠬᠥᠮᠦᠰ ᠤᠨ ᠳᠤᠮᠳᠠ ᠶᠠᠪᠤᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ ᠪᠠᠶᠢᠨ᠎ᠠ᠃ ᠲᠡᠳᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠣᠰᠬᠤᠨ ᠤ ᠠᠷᠠᠳ ᠤᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠤᠭᠰᠠᠨ ᠠᠴᠠ ᠡᠨᠡ ᠤᠳᠠᠭᠠᠨ ᠤ ᠠᠵᠢᠯᠯᠠᠭ᠎ᠠ ᠨᠢ ᠤᠳᠬ᠎ᠠ ᠤᠷᠠᠯᠢᠭ ᠤᠨ ᠦᠵᠡᠭᠦᠯᠦᠯᠭᠡ ᠪᠣᠯᠬᠤ ᠪᠠᠷ ᠪᠠᠷᠠᠬᠤ ᠦᠭᠡᠶ ᠨᠡᠩ ᠴᠤ ᠨᠢᠭᠡ ᠤᠳᠠᠭᠠᠨ ᠤ ᠮᠡᠳᠡᠯᠭᠡ ᠶᠢᠨ ᠲᠦᠭᠡᠮᠡᠯᠵᠢᠯ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠭ᠎ᠠ ᠪᠣᠯᠤᠭᠰᠠᠨ ᠪᠠᠶᠢᠨ᠎ᠠ᠃
   ᠬᠠᠮᠤᠭ ᠰᠡᠭᠦᠯᠴᠢ ᠶᠢᠨ ᠫᠷᠤᠭ᠍ᠷᠠᠮ ᠤᠨ ᠲᠡᠭᠦᠰᠬᠦ ᠶᠢ ᠳᠠᠭᠠᠯᠳᠤᠨ᠂ ᠲᠤᠬᠠᠶ ᠶᠢᠨ ᠲᠠᠯᠠᠪᠠᠢ ᠳᠤ ᠠᠶᠤᠩᠭ᠎ᠠ ᠨᠢᠵᠢᠭᠢᠨᠡᠬᠦ ᠮᠡᠲᠦ ᠠᠯᠠᠭ᠎ᠠ ᠲᠡᠰᠢᠯᠲᠡ ᠶᠢᠨ ᠳᠠᠭᠤᠨ ᠭᠠᠷᠪᠠ᠃ ᠲᠣᠰᠬᠤᠨ ᠤ ᠠᠷᠠᠳ ᠪᠠᠶᠠᠷ ᠪᠠᠶᠠᠰᠤᠯ ᠤᠨ ᠳᠤᠮᠳᠠ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠪᠠᠶᠠᠷ ᠪᠠᠶᠠᠰᠤᠯ ᠢᠶᠠᠨ ᠬᠤᠪᠢᠶᠠᠯᠴᠠᠪᠠ᠂ ᠡᠨᠡ ᠤᠳᠠᠭᠠᠨ ᠤ ᠤᠳᠬ᠎ᠠ ᠤᠷᠠᠯᠢᠭ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ  ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠭᠰᠠᠨ ᠢᠶᠠᠷ ᠪᠠᠷᠠᠬᠤ ᠦᠭᠡᠶ ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号