ᠲᠦᠴᠢᠦᠸᠠᠨ ᠰᠢᠶᠠᠨ᠄ ᠤᠶᠤᠨᠳᠤ ᠲᠠᠷᠢᠶ᠎ᠠ ᠲᠠᠷᠢᠬᠤ ᠨᠢ ᠭᠤᠸᠠ ᠵᠢᠮᠢᠰ ᠢ ︽ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠨᠠᠮᠪᠠ︾ ᠪᠠᠷ ᠳᠦᠭᠦᠷᠡᠩ ᠪᠣᠯᠭᠠᠪᠠ
ᠨᠡᠶᠢᠲᠡᠯᠡᠭᠰᠡᠨ ᠴᠠᠭ᠄
2024/7/5
   ᠬᠥᠬᠡ ᠠᠭᠤᠯᠠ ᠨᠣᠭᠤᠭᠠᠨ ᠵᠢᠮᠢᠰ᠂ ᠳᠥᠷᠪᠡᠨ ᠤᠯᠠᠷᠢᠯ ᠳᠤ ᠠᠩᠬᠢᠯᠤᠮ᠎ᠠ ᠦᠨᠦᠷ ᠲᠦᠭᠦᠷᠡᠩ᠃ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠣᠶᠤᠨᠴᠢ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠤᠨ ᠬᠥᠬᠡ ᠵᠢᠮᠢᠰᠭᠡᠨ᠎ᠡ ᠶᠢᠨ ᠬᠦᠯᠡᠮᠵᠢ ᠳᠤ᠂ ᠢᠭ᠍ᠴᠤ ᠰᠠᠬᠤᠯᠢᠭ ᠵᠢᠮᠢᠰ ᠤᠨ ᠮᠣᠳᠣ ᠤᠷᠭᠤᠵᠤ᠂ ᠬᠡᠯᠬᠢᠶ᠎ᠡ ᠳᠦᠭᠦᠷᠡᠩ ︽ᠪᠢᠳᠦᠷᠶ᠎ᠡ︾ ᠰᠠᠯᠠᠭ᠎ᠠ ᠨᠠᠮᠠᠭ᠎ᠠ ᠶᠢ ᠡᠯᠭᠦᠵᠦ᠂ ᠠᠵᠤ ᠦᠶᠯᠡᠰ ᠤᠨ ᠬᠦᠷᠢᠶᠡᠯᠡᠩ ᠤᠨ ᠠᠵᠢᠯᠴᠢᠳ ᠶᠠᠭ ᠵᠢᠮᠢᠰ ᠤᠨ ᠮᠣᠳᠣᠨ ᠤ ᠳᠤᠮᠳᠠᠭᠤᠷ ᠰᠦᠯᠵᠢᠵᠦ᠂ ᠬᠡᠷᠡᠭᠯᠡᠭᠴᠢᠳ ᠲᠤ ᠪᠣᠯᠪᠠᠰᠤᠷᠠᠭᠰᠠᠨ ᠦᠷ᠎ᠡ ᠵᠢᠮᠢᠰ ᠲᠡᠭᠦᠵᠦ ᠥᠭᠴᠦ ᠪᠠᠶᠢᠨ᠎ᠠ᠃    ︽ᠡᠨᠡ ᠵᠢᠯ ᠤᠨ ᠬᠥᠬᠡ ᠵᠢᠮᠢᠰᠭᠡᠨ᠎ᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠰᠠᠶᠢᠨ᠂ ᠲᠠᠰ ᠬᠤᠪᠢᠶᠠᠬᠤ ᠥᠬᠡᠶ ᠬᠥᠬᠡ ᠵᠢᠮᠢᠰᠭᠡᠨ᠎ᠡ ᠶᠢᠨ ᠦᠨ᠎ᠡ ᠬᠠᠩᠰᠢ ᠨᠢ ᠵᠢᠩ ᠪᠦᠷᠢ ᠳᠡᠭᠡᠨ 100 ᠲᠥᠭᠦᠷᠢᠭ ᠠᠴᠠ 120 ᠲᠥᠭᠦᠷᠢᠭ ᠪᠠᠶᠢᠵᠤ᠂ ᠰᠠᠶᠢᠨ ᠡᠭᠦᠯᠳᠡᠷ ᠤᠨ ᠵᠢᠮᠢᠰ ᠢ 150 ᠲᠥᠭᠦᠷᠢᠭ ᠢᠶᠠᠷ ᠬᠤᠳᠠᠯᠳᠤᠵᠤ ᠪᠣᠯᠤᠨ᠎ᠠ᠂ ᠬᠥᠬᠡ ᠵᠢᠮᠢᠰᠭᠡᠨ᠎ᠡ ᠶᠢᠨ ᠰᠢᠨ᠎ᠡ ᠰᠣᠷᠭᠤᠭ ᠵᠢᠮᠢᠰ ᠢ ᠲᠣᠰ ᠭᠠᠵᠠᠷ ᠲᠤ ᠪᠣᠷᠣᠯᠠᠭᠤᠯᠬᠤ ᠠᠴᠠ ᠭᠠᠳᠠᠨ᠎ᠠ ᠭᠤᠤᠯᠳᠠᠭᠤ ᠱᠠᠩᠬᠠᠶ ᠳᠤ ᠪᠣᠷᠣᠯᠠᠭᠤᠯᠳᠠᠭ᠃︾ ᠭᠡᠵᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠭᠴᠢ ᠵᠠᠩ ᠵᠢᠩ ᠬᠡᠯᠡᠪᠡ    ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ ᠦᠶᠯᠡᠰ  ᠤᠨ ᠬᠦᠷᠢᠶᠡᠯᠡᠩ 46 ᠮᠥ ᠭᠠᠵᠠᠷ ᠡᠵᠡᠯᠡᠵᠦ᠂ ᠨᠡᠶᠢᠲᠡ 6 ᠰᠠᠭᠤᠷᠢ ᠬᠥᠬᠡ ᠵᠢᠮᠢᠰᠭᠡᠨ᠎ᠡ ᠶᠢᠨ ᠬᠦᠯᠡᠮᠵᠢ᠂ 5760 ᠲᠡᠭᠰᠢ ᠳᠥᠷᠪᠡᠯᠵᠢᠨ ᠮᠧᠲᠷ ᠤᠶᠤᠨᠲᠤ ᠰᠢᠯ ᠬᠦᠯᠡᠮᠵᠢ ᠵᠢᠴᠢ 2400 ᠲᠡᠭᠰᠢ ᠳᠥᠷᠪᠡᠯᠵᠢᠨ ᠮᠧᠲᠷ ᠰᠢᠭᠦᠰᠦᠯᠢᠭ ᠵᠢᠮᠢᠰ ᠤᠨ ᠠᠭᠤᠳᠠᠮ ᠲᠠᠯᠠᠪᠠᠶ ᠲᠠᠢ᠃ ᠠᠵᠤ ᠦᠶᠯᠡᠰ ᠤᠨ ᠬᠦᠷᠢᠶᠡᠯᠡᠩ ᠨᠢ ᠲᠣᠰ ᠭᠠᠵᠠᠷ ᠤᠨ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠠᠭᠤᠷ ᠠᠮᠢᠰᠬᠤᠯ ᠤᠨ ᠨᠥᠬᠦᠴᠡᠯ ᠳᠤ ᠲᠦᠰᠢᠭᠯᠡᠨ᠂ ᠰᠢᠭᠦᠰᠦᠯᠢᠭ ᠵᠢᠮᠢᠰ ᠳᠠᠷᠢᠬᠤ ᠶᠠᠪᠤᠴᠠ ᠳᠤ ᠤᠯᠠᠷᠢᠯ ᠰᠥᠷᠬᠦ ᠦᠶᠯᠡᠳᠪᠦᠷᠢᠯᠡᠯ ᠢ ᠬᠥᠮᠦᠨ ᠤ ᠬᠦᠴᠦ ᠪᠠᠷ ᠬᠢᠵᠠᠭᠠᠷᠯᠠᠵᠤ᠂ ᠠᠵᠤ ᠦᠶᠯᠡᠰ ᠤᠨ ᠬᠦᠷᠢᠶᠡᠯᠡᠩ ᠳᠣᠲᠣᠷᠠᠬᠢ ᠬᠥᠬᠡ ᠵᠢᠮᠢᠰᠭᠡᠨ᠎ᠡ ᠶᠢᠨ ᠠᠮᠲᠠᠯᠢᠭ ᠬᠡᠦᠷᠡᠭ᠂ ᠰᠢᠨ᠎ᠡ ᠰᠣᠷᠭᠤᠭ ᠵᠢᠮᠢᠰ ᠤᠨ ᠬᠠᠩᠭᠠᠯᠭ᠎ᠠ  ᠶᠢᠨ ᠬᠤᠭᠤᠴᠠᠭ᠎ᠠ ᠣᠷᠳᠣ ᠪᠠᠶᠢᠵᠤ᠂ ᠵᠢᠮᠢᠰ ᠲᠡᠭᠦᠬᠦ ᠦᠶᠡᠯᠡᠯ ᠤᠨ ᠬᠤᠭᠤᠴᠠᠭ᠎ᠠ ᠨᠢ 4 ᠰᠠᠷ᠎ᠠ ᠶᠢᠨ ᠡᠬᠢᠨ ᠠᠴᠠ 8 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃ ︽ᠲᠦᠴᠢᠦᠸᠠᠨ ᠰᠢᠶᠠᠨ ᠤ ᠲᠤᠬᠠᠶ ᠶᠢᠨ ᠭᠠᠵᠠᠷ ᠠᠴᠠ ᠰᠢᠨ᠎ᠡ ᠰᠣᠷᠭᠤᠭ ᠬᠥᠬᠡ ᠵᠢᠮᠢᠰᠭᠡᠨ᠎ᠡ ᠲᠡᠭᠦᠵᠦ ᠪᠣᠯᠤᠨ᠎ᠠ ᠭᠡᠵᠦ ᠪᠤᠳᠤᠵᠤ ᠣᠯᠤᠭᠰᠠᠨ ᠥᠬᠡᠶ᠂ ᠣᠨᠴᠠ ᠠᠮᠲᠠᠲᠠᠶ᠂ ᠥᠨᠥᠳᠦᠷ ᠪᠢ ᠬᠥᠬᠡ ᠵᠢᠮᠢᠰᠭᠡᠨ᠎ᠡ ᠶᠢᠨ ᠡᠷᠬᠡ ᠴᠢᠯᠥᠭᠡ ᠶᠢ ᠪᠡᠶᠡᠯᠡᠭᠦᠯᠪᠡ᠃︾ ᠭᠡᠵᠦ ᠵᠢᠭᠤᠯᠴᠢᠳ ᠪᠠᠶᠠᠷᠲᠠᠶᠢᠬᠠᠨ ᠬᠡᠯᠡᠨ᠎ᠡ᠃    ᠳᠥᠷᠪᠡᠨ ᠲᠠᠪᠤᠨ ᠰᠠᠷ᠎ᠠ ᠶᠢᠨ ᠵᠢᠮᠢᠰ᠂ ᠵᠢᠷᠭᠤᠭ᠎ᠠ ᠳᠣᠯᠣᠭᠠᠨ ᠰᠠᠷ᠎ᠠ ᠶᠢᠨ ᠭᠤᠸᠠ᠃ ᠥᠷᠭᠡᠨ ᠣᠯᠠᠨ ᠲᠦᠮᠡᠨ ᠤ ᠭᠤᠸᠠ ᠵᠢᠮᠢᠰ᠂ ᠳᠥᠷᠪᠡᠨ ᠤᠯᠠᠷᠢᠯ ᠳᠤ ᠪᠦᠷ ᠲᠡᠭᠦᠵᠦ ᠪᠣᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠱᠤ᠋ ᠭᠤᠸᠠᠩ ᠣᠶᠤᠨᠴᠢ ᠲᠥᠬᠦᠭᠡᠷᠦᠮᠵᠢ ᠶᠢᠨ ᠲᠠᠷᠢᠶᠠᠯᠠᠩ  ᠤᠨ ᠠᠵᠤ ᠦᠶᠯᠡᠰ ᠤᠨ ᠬᠦᠷᠢᠶᠡᠯᠡᠩ ᠤᠨ ᠰᠠᠷᠠᠪᠴᠢᠨ ᠳᠣᠲᠣᠷ᠎ᠠ᠂ ᠠᠵᠢᠯᠴᠢᠳ ᠶᠠᠭ ᠭᠠᠵᠠᠷ ᠰᠢᠷᠣᠶ ᠶᠢ ᠲᠡᠭᠰᠢᠯᠡᠬᠦ  ᠪᠠᠷ ᠶᠠᠭᠠᠷᠠᠵᠤ᠂ ᠰᠦᠯᠵᠢᠶᠡᠨ ᠬᠠᠯᠠᠭᠤᠷᠠᠯ ᠤᠨ ᠰᠣᠳᠣᠨ ᠵᠢᠮᠢᠰ ᠪᠣᠭᠳᠠ ᠬᠡᠦᠬᠡᠳ ᠲᠠᠷᠪᠤᠰ ᠢ ᠠᠳᠡ ᠨᠤᠲᠤᠭᠰᠢᠭᠤᠯᠬᠤ ᠪᠠᠷ ᠪᠡᠯᠡᠳᠬᠡᠵᠦ ᠪᠠᠶᠢᠨ᠎ᠠ᠃    ︽ᠰᠠᠭᠤᠷᠢᠨ ᠭᠠᠵᠠᠷ ᠤᠨ ᠲᠥᠷᠥᠯ ᠵᠦᠶᠯ ᠢ ᠱᠢ ᠴᠤᠸᠠᠩ ᠲᠠᠷᠢᠶᠠᠯᠠᠩ ︵ᠱᠠᠩᠬᠠᠶ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠦᠶᠯᠡᠳᠪᠦᠷᠢᠯᠡᠨ ᠠᠵᠢᠯᠯᠠᠭᠤᠯᠵᠤ᠂ ᠭᠤᠤᠯᠳᠠᠭᠤ ᠨᠢᠮᠭᠡᠨ ᠰᠦᠯᠢᠶᠣᠣ ᠬᠦᠯᠡᠮᠵᠢ ᠪᠠᠷ ᠳᠠᠷᠢᠵᠤ᠂ ᠬᠦᠯᠡᠮᠵᠢ ᠪᠦᠷᠢ ᠳᠤ 1 ᠲᠦᠮᠡᠨ ᠭᠤᠸᠠ ᠶᠢᠨ ᠴᠢᠬᠢ ᠵᠠᠶᠢᠯᠠᠵᠤ᠂ ᠣᠳᠣᠬᠠᠨ ᠳᠤ ᠨᠢᠭᠡᠨᠲᠡ ᠬᠤᠶᠠᠷ ᠲᠣᠮᠣ ᠬᠦᠯᠡᠮᠵᠢ ᠵᠠᠶᠢᠯᠠᠵᠤ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠲᠡᠭᠦᠬᠦ ᠬᠤᠭᠤᠴᠠᠭᠠᠨ  ᠳᠤ ᠣᠷᠣᠨ᠎ᠠ᠃︾ ᠭᠡᠵᠦ ᠲᠦᠴᠢᠦᠸᠠᠨ ᠰᠢᠶᠠᠨ ᠤ ᠱᠤ᠋ ᠭᠤᠸᠠᠩ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ  ᠶᠢᠨ ᠵᠥᠪᠯᠡᠯ ᠤᠨ ᠡᠷᠬᠢᠯᠡᠭᠴᠢ ᠯᠢᠦ ᠷᠦᠢ ᠲᠠᠨᠢᠯᠴᠠᠭᠤᠯᠪᠠ᠃    ᠲᠦᠴᠢᠦᠸᠠᠨ ᠰᠢᠶᠠᠨ ᠤ ᠱᠤ᠋ ᠭᠤᠸᠠᠩ ᠣᠶᠤᠨᠴᠢ ᠲᠥᠬᠦᠭᠡᠷᠦᠮᠵᠢ ᠶᠢᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠤᠨ ᠤᠯᠠᠷᠢᠯ ᠰᠥᠷᠬᠦ ᠢᠳᠡᠰᠢᠨ ᠨᠣᠭᠤᠭ᠎ᠠ ᠶᠢᠨ ᠰᠠᠭᠤᠷᠢᠨ 92 ᠮᠥ ᠭᠠᠵᠠᠷ ᠡᠵᠡᠯᠡᠵᠦ᠂ ᠨᠢᠭᠡ ᠲᠣᠭᠤᠷᠢᠭ ᠤᠨ ᠬᠤᠶᠠᠳᠤᠭᠠᠷ ᠲᠥᠪ ᠤᠨ ᠵᠠᠭᠪᠤᠷ ᠢᠶᠠᠷ ᠪᠥᠲᠥᠭᠡᠨ ᠪᠠᠶᠢᠭᠤᠯᠵᠤ᠂ ᠣᠳᠣᠬᠠᠨ ᠳᠤ ᠨᠢᠭᠡᠨᠲᠡ 9 ᠰᠠᠭᠤᠷᠢ ᠵᠠᠯᠭᠠᠯᠳᠤᠭᠰᠠᠨ ᠬᠦᠯᠡᠮᠵᠢ ᠶᠢ ᠪᠥᠲᠥᠭᠡᠨ ᠪᠠᠶᠢᠭᠤᠯᠵᠤ ᠳᠠᠭᠤᠰᠬᠠᠪᠠ᠃ ︽ᠪᠢᠳᠡ ᠲᠤᠬᠠᠶ ᠶᠢᠨ ᠲᠠᠯᠠᠪᠤᠷ  ᠲᠤ ᠤᠴᠢᠬᠤ ᠦᠭᠡᠢ ᠭᠠᠷ ᠤᠲᠠᠰᠤ ᠪᠠᠷ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠮᠠᠰᠢᠨ ᠢ ᠡᠵᠡᠮᠳᠡᠵᠦ᠂ ᠭᠤᠸᠠ ᠵᠢᠮᠢᠰ ᠤᠨ ᠤᠷᠭᠤᠯᠲᠠ ᠶᠢᠨ ᠤᠰᠤ ᠪᠣᠷᠲᠣᠭᠤᠷ᠂ ᠳᠤᠯᠠᠭᠠᠨ ᠴᠢᠭᠢᠭᠯᠢᠭ᠂ ᠬᠡᠷᠡᠯ ᠤᠨ ᠲᠤᠰᠤᠯᠲᠠ ᠶᠢᠨ ᠬᠡᠷᠡᠭᠴᠡᠭᠡ ᠶᠢ ᠭᠦᠶᠴᠡᠳ ᠬᠠᠩᠭᠠᠵᠤ᠂ ᠣᠨᠴᠠᠭᠠᠶ ᠣᠶᠤᠨᠯᠢᠭ᠂ ᠲᠥᠬᠦᠮ ᠪᠠᠶᠢᠳᠠᠭ᠃︾ ᠭᠡᠵᠦ ᠱᠢ ᠴᠤᠸᠠᠩ ᠲᠠᠷᠢᠶᠠᠯᠠᠩ ︵ᠱᠠᠩᠬᠠᠶ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠶᠢᠨ ᠪᠥᠸᠧ ᠯᠢ ᠲᠠᠷᠢᠶᠠᠯᠠᠩ ᠤᠨ ᠲᠠᠯᠠᠪᠠᠶ ᠶᠢᠨ ᠬᠢᠵᠠᠭᠠᠷᠲᠤ ᠺᠣᠮᠫᠠᠨᠢ᠂ ᠲᠦᠴᠢᠦᠸᠠᠨ ᠤ ᠲᠥᠷᠥᠯ ᠵᠦᠶᠯ ᠤᠨ ᠡᠵᠡᠩᠨᠡᠯᠲᠡ ᠶᠢᠨ ᠳᠠᠭᠠᠭᠠᠮᠠᠯ ᠵᠧᠦ ᠵᠢᠶᠠᠨ ᠳ᠋ᠦᠩ ᠲᠠᠨᠢᠯᠴᠠᠭᠤᠯᠬᠤ ᠳᠠᠭᠠᠨ᠂ ᠡᠨᠡ ᠵᠢᠯ ᠠᠵᠤ ᠦᠶᠯᠡᠰ ᠤᠨ ᠬᠦᠷᠢᠶᠡᠯᠡᠩ ᠵᠠᠬᠢᠶᠠᠯᠠᠭ᠎ᠠ ᠶᠢᠨ ᠲᠠᠷᠢᠮᠠᠯ ᠤᠨ ᠲᠠᠯᠠᠪᠠᠶ ᠪᠠᠨ ᠢᠳᠡᠪᠬᠢᠲᠡᠶ ᠥᠷᠭᠡᠳᠬᠡᠵᠦ᠂ ᠪᠣᠭᠳᠠ ᠬᠡᠦᠬᠡᠳ ᠲᠠᠷᠪᠤᠰ ᠪᠣᠯᠤᠨ ᠲᠣᠤᠷᠯᠢᠭ ᠠᠷᠲᠤ ᠬᠡᠮᠬᠡ ᠳᠠᠷᠢᠬᠤ ᠪᠠᠷ ᠲᠥᠯᠥᠪᠯᠡᠵᠦ ᠪᠠᠶᠢᠨ᠎ᠠ᠂ ᠣᠳᠣᠬᠠᠨ ᠳᠤ ᠨᠢᠭᠡᠨᠲᠡ 2 ᠰᠢᠶᠠᠩ ᠪᠠᠯᠭᠠᠰᠤ᠂ 4 ᠲᠣᠰᠬᠤᠨ ᠤ 600 ᠭᠠᠷᠤᠶ ᠡᠷᠦᠬᠡ ᠲᠠᠷᠢᠶᠠᠴᠢᠨ ᠡᠷᠦᠬᠡ ᠲᠠᠢ 100 ᠮᠥ ᠳᠠᠷᠢᠬᠤ ᠵᠠᠬᠢᠶᠠᠯᠠᠭ᠎ᠠ  ᠶᠢᠨ ᠬᠠᠭᠤᠳᠠᠰᠤ ᠲᠣᠭᠲᠠᠵᠤ᠂ ᠵᠢᠱᠢᠯᠲᠡ ᠪᠠᠷ 2 ᠲᠦᠮᠡᠨ ᠭᠤᠸᠠ ᠶᠢᠨ ᠣᠷᠣᠯᠭ᠎ᠠ ᠪᠠᠷᠤᠭ 60 ᠲᠦᠮᠡᠨ ᠲᠥᠭᠦᠷᠢᠭ ᠲᠤ ᠬᠥᠷᠬᠦ ᠪᠣᠯᠤᠨ᠎ᠠ ᠭᠡᠵᠡᠶ᠃    ᠢᠳᠡᠰᠢᠨ ᠨᠣᠭᠤᠭ᠎ᠠ ᠭᠤᠸᠠ ᠵᠢᠮᠢᠰ ᠤᠨ ᠬᠦᠯᠡᠮᠵᠢ ᠨᠢ ᠣᠯᠠᠨ ᠲᠦᠮᠡᠨ ᠤ ᠠᠮᠲᠠ ᠶᠢᠨ ᠴᠣᠮᠣᠷᠯᠢᠭ ᠢ ᠬᠠᠩᠭᠠᠵᠤ᠂ ︽ᠢᠳᠡᠭᠡᠨ ᠤᠮᠳᠠᠭᠠᠨ ᠤ ᠲᠦᠴᠢᠣᠸᠠᠨ︾ ᠢ ᠪᠠᠶᠠᠯᠢᠭᠵᠢᠭᠤᠯᠵᠤ᠂ ᠨᠠᠩ ᠴᠤ ᠣᠯᠠᠨ ᠲᠦᠮᠡᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠬᠦᠰᠡᠯ ᠡᠷᠡᠮᠡᠯᠵᠡᠯ ᠢ ᠲᠤᠯᠭᠠᠭᠤᠷᠢᠯᠠᠪᠠ᠃ ᠲᠦᠴᠢᠦᠸᠠᠨ ᠰᠢᠶᠠᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ  ᠶᠢ ᠣᠨᠢᠯᠠᠵᠤ᠂ ᠤᠯᠠᠷᠢᠯ ᠢ ᠰᠥᠷᠬᠦ ᠵᠢᠮᠢᠰ ᠢᠳᠡᠰᠢᠨ ᠨᠣᠭᠤᠭ᠎ᠠ ᠲᠠᠷᠢᠬᠤ᠂ ᠲᠡᠭᠦᠬᠦ᠂ ᠰᠡᠯᠡᠭᠦᠴᠡᠯ ᠤᠨ ᠲᠠᠷᠢᠶᠠᠯᠠᠩ  ᠢ ᠨᠢᠭᠡ ᠴᠤᠬᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠲᠦᠬᠦᠭᠡᠷᠤᠮᠵᠢᠳᠤ ᠲᠠᠷᠢᠶᠠᠯᠠᠩ ᠢ ᠬᠦᠴᠦ ᠪᠠᠨ ᠲᠥᠪᠯᠡᠷᠡᠭᠦᠯᠦᠨ ᠪᠠᠶᠢᠭᠤᠯᠵᠤ᠂ ᠲᠠᠷᠢᠶᠠᠯᠠᠩ ᠤᠨ ᠠᠵᠤ ᠦᠢᠯᠡᠰ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号