ᠲᠣᠰᠬᠤᠨ ᠤ ᠠᠷᠠᠳ ᠤᠨ ᠰᠣᠶᠣᠯ ᠤᠨ ᠴᠤᠭ ᠵᠢᠪᠬᠤᠭ᠎ᠠ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ | ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠲᠣᠰᠬᠤᠨ ᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠤᠨ᠂ ᠵᠠᠩ ᠳᠠᠳᠬᠠᠯ ᠢ ᠥᠭᠡᠷᠡᠴᠢᠯᠡᠬᠦ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ | ᠂ 7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠯᠢᠦ ᠬᠣ᠋ ᠪᠠᠯᠭᠠᠰᠤᠨ ᠤ ᠵᠢᠤᠢ ᠴᠠᠩ ᠲᠣᠰᠬᠤᠨ᠂ | ᠵᠢᠤᠢ ᠾᠧ ᠲᠣᠰᠬᠤᠨ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠪᠡ᠃ | | | | | | ᠥᠷᠯᠥᠭᠡ ᠶᠢᠨ ᠨᠡᠷᠡᠨ ᠤ ᠠᠭᠠᠵᠢᠮ ᠢᠶᠠᠷ ᠮᠠᠨᠳᠤᠬᠤ ᠶᠢ ᠳᠠᠭᠠᠯᠳᠤᠨ᠂ ᠵᠢᠦᠢ ᠴᠠᠩ ᠲᠣᠰᠬᠤᠨ ᠪᠣᠯᠤᠨ ᠵᠢᠤᠢ | ᠾᠧ ᠲᠣᠰᠬᠤᠨ ᠤ ᠠᠷᠠᠳ ᠠᠯᠢ ᠡᠷᠲᠡ ᠠᠴᠠ ᠲᠣᠰᠬᠤᠨ ᠤ ᠶᠠᠮᠤᠨ ᠤ ᠠᠭᠤᠳᠠᠮ ᠲᠠᠯᠠᠪᠠᠶ ᠳᠤ ᠴᠤᠭᠯᠠᠷᠠᠵᠤ᠂ | ᠬᠥᠮᠦᠨ ᠪᠣᠯᠭᠠᠨ ᠤ ᠴᠢᠷᠠᠶ ᠳᠤ ᠬᠦᠰᠡᠯ ᠡᠷᠡᠮᠡᠯᠵᠡᠯ ᠪᠠ ᠪᠠᠶᠠᠰᠤᠯ ᠪᠢᠯᠬᠠᠵᠤ ᠪᠠᠶᠢᠯ᠎ᠠ᠃ | | ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠨᠠᠷᠢᠨ ᠨᠢᠮᠪᠠᠶ ᠪᠡᠯᠡᠳᠬᠡᠭᠰᠡᠨ 23 ᠲᠣᠭᠯᠠᠯᠲᠠ ᠡᠭᠡᠯᠵᠢᠯᠡᠨ ᠭᠠᠷᠴᠤ᠂ | ᠲᠣᠭᠯᠠᠯᠲᠠ ᠨᠢᠭᠡᠪᠦᠷᠢ ᠨᠢ ᠴᠥᠮ ᠲᠣᠰᠬᠤᠨ ᠤ ᠠᠷᠠᠳ ᠤᠨ ᠬᠦᠴᠦ ᠬᠥᠯᠥᠰᠥ ᠶᠢᠨ ᠦᠷ᠎ᠡ ᠪᠦᠲᠦᠭᠡᠯ ᠪᠤᠯᠤᠨ᠎ᠠ᠃ | ᠨᠠᠶᠢᠷᠠᠯ ᠳᠠᠭᠤᠤ ᠶᠢᠨ ᠪᠦᠯᠬᠦᠮ ᠤᠨ ᠭᠡᠰᠢᠭᠦᠳ ᠨᠢᠭᠡᠳᠦᠯᠲᠡᠢ ᠬᠤᠪᠴᠠᠰᠤ ᠡᠮᠦᠰᠴᠦ᠂ ᠬᠦᠩᠭᠢᠨᠡᠮ᠎ᠡ ᠪᠥᠭᠡᠳ ᠡᠶ᠎ᠡ | ᠵᠣᠬᠢᠴᠠᠩᠭᠤᠢ ᠪᠠᠷ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ | ᠵᠡᠷᠭᠡ ᠰᠣᠩᠭᠤᠳᠠᠭ ᠬᠤᠪᠢᠰᠬᠠᠯᠳᠤ ᠳᠠᠭᠤᠤ ᠶᠢ ᠳᠠᠭᠤᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ | ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠭᠤᠴᠣᠯᠠᠯ ᠤᠯᠠᠭᠠᠨ ᠳᠠᠭᠤᠤ ᠶᠢᠨ | ᠲᠣᠭᠯᠠᠭᠴᠢᠳ ᠥᠪᠡᠷᠮᠢᠴᠡ ᠬᠤᠭᠤᠯᠠᠢ ᠪᠠ ᠭᠦᠨ ᠰᠡᠳᠬᠢᠯᠭᠡ ᠲᠠᠢ ᠲᠣᠭᠯᠠᠯᠲᠠ ᠪᠠᠷ ᠢᠶᠠᠨ ︽ᠪᠡᠭᠡᠵᠢᠩ ᠤᠨ | ᠠᠯᠲᠠᠨ ᠠᠭᠤᠯᠠ︾ ᠵᠡᠷᠭᠡ ᠳᠠᠭᠤᠤ ᠶᠢ ᠬᠠᠨᠲᠠᠯ᠎ᠠ ᠳᠠᠭᠤᠯᠠᠵᠤ᠂ ᠦᠶ᠎ᠡ ᠦᠶ᠎ᠡ ᠠᠯᠠᠭ᠎ᠠ ᠲᠠᠰᠢᠯᠲᠠ ᠣᠯᠤᠭᠰᠠᠨ | ᠪᠠᠶᠢᠨ᠎ᠠ᠃ | ᠭᠤᠷᠪᠠᠨ ᠥᠭᠦᠯᠡᠪᠦᠷᠢ ᠬᠠᠭᠠᠰ ︽ᠡᠷᠲᠡᠨ ᠡᠳᠦᠭᠡ ᠶᠢᠨ ᠬᠥᠳᠡᠭᠡ ᠲᠣᠰᠬᠤᠨ ᠤ ᠬᠤᠪᠢᠷᠠᠯᠲᠠ ᠶᠡᠭᠡ︾ ᠨᠢ | ᠶᠦᠮᠦᠷᠯᠢᠭ ᠱᠣᠭᠲᠠᠶ ᠦᠭᠡ ᠬᠡᠯᠡ ᠪᠠ ᠠᠮᠢᠳᠤᠷᠠᠯ ᠳᠤ ᠣᠶᠢᠷᠠᠲᠤᠭᠰᠠᠨ ᠠᠭᠤᠯᠭ᠎ᠠ ᠪᠠᠷ ᠢᠶᠠᠨ ᠲᠤᠬᠠᠶ ᠶᠢᠨ ᠲᠠᠯᠠᠪᠠᠶ | ᠶᠢᠨ ᠢᠨᠢᠶᠡᠳᠦ ᠶᠢ ᠲᠠᠲᠠᠵᠤ᠂ ᠣᠯᠠᠨ ᠲᠦᠮᠡᠨ ᠢ ᠪᠠᠶᠠᠰᠬᠠᠭᠰᠠᠨ ᠢᠶᠠᠷ ᠪᠠᠷᠠᠬᠤ ᠥᠬᠡᠶ᠂ ᠢᠳᠡᠪᠬᠢ ᠬᠦᠴᠦᠨ ᠢ ᠴᠦ | ᠤᠷᠠᠨ ᠢᠶᠠᠷ ᠳᠠᠮᠵᠢᠭᠤᠯᠵᠠᠶ᠃ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ᠬᠥᠭᠵᠢᠮᠳᠡᠳᠡᠭ ᠨᠤᠲᠤᠭ | ᠤᠨ ᠤᠷᠠᠯᠢᠭᠴᠢᠳ ︽ᠪᠢ ᠦᠯᠡᠳᠡᠭᠰᠡᠨ ᠨᠠᠰᠤ ᠪᠠᠨ ᠴᠢᠮ᠎ᠠ ᠳᠤ ᠥᠭᠭᠦᠭᠰᠡᠨ︾᠂ ︽ᠤᠯᠠᠭᠠᠨ ᠲᠣᠭᠤᠰᠣᠲᠤ | ᠶᠢᠷᠲᠢᠨᠴᠦ ᠶᠢᠨ ᠢᠨᠠᠭ ᠤᠨ ᠳᠠᠭᠤᠤ︾ ᠵᠡᠷᠭᠡ ᠢᠷᠠᠭᠤ ᠰᠣᠨᠣᠰᠬᠤᠯᠠᠩᠲᠤ ᠬᠥᠭᠵᠢᠮ ᠢ ᠬᠥᠭᠵᠢᠮᠳᠡᠵᠦ᠂ ᠲᠤᠬᠠᠶ | ᠶᠢᠨ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃ | | | | | | ᠲᠣᠭᠯᠠᠯᠲᠠ ᠭᠠᠷᠭᠠᠬᠤ ᠵᠠᠪᠰᠠᠷ ᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ | ᠳᠤᠷᠠᠴᠤᠳ ᠴᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠪᠠ᠃ ᠲᠡᠳᠡ ᠬᠥᠮᠦᠰ ᠤᠨ ᠳᠤᠮᠳᠠ | ᠶᠠᠪᠤᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ ᠪᠠᠶᠢᠨ᠎ᠠ᠃ ᠲᠡᠳᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | ᠲᠣᠰᠬᠤᠨ ᠤ ᠠᠷᠠᠳ ᠤᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠤᠭᠰᠠᠨ ᠠᠴᠠ ᠡᠨᠡ ᠤᠳᠠᠭᠠᠨ ᠤ | ᠠᠵᠢᠯᠯᠠᠭ᠎ᠠ ᠨᠢ ᠤᠳᠬ᠎ᠠ ᠤᠷᠠᠯᠢᠭ ᠤᠨ ᠦᠵᠡᠭᠦᠯᠦᠯᠭᠡ ᠪᠣᠯᠬᠤ ᠪᠠᠷ ᠪᠠᠷᠠᠬᠤ ᠦᠭᠡᠶ ᠨᠡᠩ ᠴᠤ ᠨᠢᠭᠡ ᠤᠳᠠᠭᠠᠨ ᠤ | ᠮᠡᠳᠡᠯᠭᠡ ᠶᠢᠨ ᠲᠦᠭᠡᠮᠡᠯᠵᠢᠯ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠭ᠎ᠠ ᠪᠣᠯᠤᠭᠰᠠᠨ ᠪᠠᠶᠢᠨ᠎ᠠ᠃ | ᠬᠠᠮᠤᠭ ᠰᠡᠭᠦ | ᠯᠴᠢ ᠶᠢᠨ ᠫᠷᠤᠭ᠍ᠷᠠᠮ ᠤᠨ ᠲᠡᠭᠦᠰᠬᠦ ᠶᠢ ᠳᠠᠭᠠᠯᠳᠤᠨ᠂ ᠲᠤᠬᠠᠶ ᠶᠢᠨ ᠲᠠᠯᠠᠪᠠᠢ ᠳᠤ ᠠᠶᠤᠩᠭ᠎ᠠ ᠨᠢᠵᠢᠭᠢᠨᠡᠬᠦ ᠮᠡᠲᠦ | ᠠᠯᠠᠭ᠎ᠠ ᠲᠡᠰᠢᠯᠲᠡ ᠶᠢᠨ ᠳᠠᠭᠤᠨ ᠭᠠᠷᠪᠠ᠃ ᠲᠣᠰᠬᠤᠨ ᠤ ᠠᠷᠠᠳ ᠪᠠᠶᠠᠷ ᠪᠠᠶᠠᠰᠤᠯ ᠤᠨ ᠳᠤᠮᠳᠠ ᠣᠯᠤᠯᠲᠠ | ᠲᠥᠷᠥᠭᠳᠡᠯ ᠢᠶᠠᠨ ᠰᠣᠯᠢᠯᠴᠠᠵᠤ᠂ ᠪᠠᠶᠠᠷ ᠪᠠᠶᠠᠰᠤᠯ ᠢᠶᠠᠨ ᠬᠤᠪᠢᠶᠠᠯᠴᠠᠪᠠ᠂ ᠡᠨᠡ ᠤᠳᠠᠭᠠᠨ ᠤ ᠤᠳᠬ᠎ᠠ ᠤᠷᠠᠯᠢᠭ | ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠭᠰᠠᠨ ᠢᠶᠠᠷ ᠪᠠᠷᠠᠬᠤ ᠦᠭᠡᠶ᠂ | ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ᠃ | |