ᠲᠦᠴᠢᠦᠸᠠᠨ ᠰᠢᠶᠠᠨ ᠤ ᠰᠣᠶᠣᠯ ᠤᠨ ᠣᠷᠳᠣᠨ ︽︿7 . 1﹀ ᠢ ᠪᠠᠶᠠᠷᠯᠠᠨ ᠤᠭᠲᠤᠵᠤ ᠨᠠᠮ ᠤᠨ ᠠᠴᠢ ᠶᠢ ᠬᠦᠷᠭᠡᠵᠦ᠂ ᠣᠭ ᠰᠠᠨᠠᠭ᠎ᠠ ᠪᠠᠨ ᠨᠠᠮ ᠳᠠᠭᠠᠨ ᠡᠭᠦᠷᠢᠳᠡ ᠤᠯᠠᠮᠵᠢᠯᠠᠶ᠎ᠠ︾ ᠭᠡᠬᠦ ᠲᠣᠮᠣ ᠬᠡᠯᠪᠡᠷᠢ  ᠶᠢᠨ ᠲᠣᠭᠯᠠᠯᠲᠠ ᠡᠷᠭᠢᠯᠡᠪᠡ
ᠨᠡᠶᠢᠲᠡᠯᠡᠭᠰᠡᠨ ᠴᠠᠭ᠄
2024/7/5
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠠᠴᠠ ᠡᠷᠭᠢᠯᠡᠭᠰᠡᠨ ︽︿7 . 1﹀ ᠢ ᠪᠠᠶᠠᠷᠯᠠᠨ ᠤᠭᠲᠤᠵᠤ ᠨᠠᠮ ᠤᠨ ᠠᠴᠢ ᠶᠢ ᠬᠦᠷᠭᠡᠵᠦ᠂ ᠣᠭ ᠰᠠᠨᠠᠭ᠎ᠠ ᠪᠠᠨ ᠨᠠᠮ ᠳᠠᠭᠠᠨ ᠡᠭᠦᠷᠢᠳᠡ ᠤᠯᠠᠮᠵᠢᠯᠠᠶ᠎ᠠ︾ ᠭᠡᠬᠦ ᠲᠣᠮᠣ ᠬᠡᠯᠪᠡᠷᠢ ᠶᠢᠨ ᠲᠣᠭᠯᠠᠯᠲᠠ ᠶᠢᠨ ᠠᠭᠤᠳᠠᠮ ᠲᠠᠯᠠᠪᠠᠶ ᠶᠢᠨ ᠪᠥᠵᠢᠭ ᠤᠨ ᠰᠣᠯᠢᠯᠴᠠᠭᠠᠨ ᠤ ᠠᠵᠢᠯᠯᠠᠭ᠎ᠠ ᠵᠡᠭᠡᠯᠢ ᠶᠢᠨ ᠲᠥᠪ ᠴᠡᠴᠡᠷᠯᠢᠭ ᠲᠤ ᠶᠠᠪᠤᠭᠳᠠᠪᠠ᠃ ᠲᠠᠯᠠᠪᠠᠢ ᠶᠢᠨ ᠪᠥᠵᠢᠭ ᠤᠨ ᠫᠷᠤᠭ᠍ᠷᠠᠮ ᠤᠨ ᠠᠭᠤᠯᠠᠨ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ᠂ ᠣᠨᠴᠠᠯᠢᠭ ᠨᠢ ᠲᠣᠰ ᠪᠦᠷᠢ ᠨᠢᠭᠡ᠃ ᠤᠷᠤᠯᠳᠤᠭᠠᠨ ᠳᠤ ᠣᠷᠣᠯᠴᠠᠭᠰᠠᠨ ᠭᠡᠰᠢᠭᠦᠳ ᠡᠭᠡᠯᠵᠢᠯᠡᠨ ᠲᠠᠯᠠᠪᠠᠢ ᠳᠤ ᠭᠠᠷᠴᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠢᠷᠠᠭᠤ ᠰᠠᠶᠢᠬᠠᠨ ᠪᠥᠵᠢᠭ  ᠤᠨ ᠠᠯᠬᠤᠭ᠎ᠠ ᠪᠠᠷ ᠢᠶᠠᠨ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ ᠃ ᠠᠵᠢᠯᠯᠠᠭ᠎ᠠ ᠨᠢ ᠬᠠᠮᠤᠭ ᠰᠡᠭᠦᠯ ᠳᠤ ᠨᠢ ᠪᠦᠬᠦ ᠲᠣᠭᠯᠠᠭᠴᠢᠳ  ︽ᠡᠪ ᠬᠠᠮᠲᠤ ᠨᠠᠮ ᠪᠠᠶᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠬᠤ ᠦᠭᠡᠢ︾ ᠭᠡᠬᠦ ᠪᠥᠵᠢᠭ ᠢᠶᠠᠷ ᠲᠡᠭᠦᠰ ᠠᠮᠵᠢᠯᠲᠠ ᠲᠠᠢ ᠥᠨᠳᠥᠷᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号