ᠵᠢᠤ ᠯᠦᠩ ᠰᠢᠶᠠᠩ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭᠠᠨ ᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/7/6
   ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠵᠢᠦ ᠯᠥᠩ ᠰᠢᠶᠠᠩ ᠲᠦᠴᠢᠦᠸᠠᠨ ᠰᠢᠶᠠᠨ ᠤ ᠤᠯᠠᠭᠠᠨᠮᠥ᠋ᠴᠢᠷ ᠢ ᠵᠢᠦ ᠯᠥᠩ ᠰᠢᠶᠠᠩ ᠤᠨ ᠱᠢ ᠵᠢᠶᠠ ᠽᠢ ᠲᠣᠰᠬᠤᠨ ᠳᠤ ᠤᠷᠢᠵᠤ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠭᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠭᠢᠷᠢᠨ ᠮᠤᠵᠢ ᠶᠢᠨ ᠲᠤᠤᠨᠠᠨ ᠬᠤᠲᠠ ᠶᠢᠨ ᠶᠧ ᠮᠠ ᠰᠢᠶᠠᠩ ᠤᠨ ᠢᠮᠠᠭᠠᠲᠤ ᠲᠣᠰᠬᠤᠨ ᠤ ᠨᠠᠮ ᠤᠨ ᠭᠡᠰᠢᠭᠦᠨ ᠣᠯᠠᠨ ᠲᠦᠮᠡᠨ ᠢ ᠤᠷᠢᠵᠤ ᠬᠠᠮᠲᠤ ᠣᠷᠣᠯᠴᠠᠭᠤᠯᠪᠠ᠃
   ᠲᠣᠭᠯᠠᠯᠲᠠ ᠨᠢ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠪᠥᠵᠢᠭ ᠢᠶᠠᠷ ᠬᠥᠰᠢᠭᠡ ᠪᠠᠨ ᠰᠡᠬᠦᠪᠡ᠃ ᠮᠣᠷᠢᠨ ᠬᠤᠭᠤᠷ ᠤᠨ ᠭᠤᠴᠣᠯᠠᠯ ᠬᠥᠭᠵᠢᠮ᠂ ᠱᠤᠭ ᠵᠦᠴᠦᠭᠡ᠂ ᠲᠠᠯᠠᠪᠠᠢ ᠶᠢᠨ ᠪᠥᠵᠢᠭ᠂ ᠲᠠᠯᠠᠪᠠᠢ ᠲᠠᠲᠠᠬᠤ ᠰᠢ᠂ ᠳᠠᠭᠤᠤ ᠶᠢᠨ ᠭᠤᠴᠣᠯᠠᠯ ᠳᠠᠭᠤᠤ ᠵᠡᠷᠭᠡ ᠲᠣᠭᠯᠠᠯᠲᠠ ᠡᠭᠡᠯᠵᠢᠯᠡᠨ ᠲᠣᠭᠯᠠᠨ᠎ᠠ᠃ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠣᠯᠠᠨ ᠡᠰᠢᠲᠦ ᠦᠨᠳᠦᠰᠦᠲᠡᠨ ᠤ ᠰᠣᠶᠣᠯ ᠤᠨ ᠷᠢᠳᠢ ᠰᠢᠳᠢ  ᠶᠢ ᠭᠦᠶᠴᠡᠳ ᠢᠯᠡᠷᠡᠭᠦᠯᠪᠡ᠃
   ᠠᠵᠢᠯᠯᠠᠭᠠᠨ ᠳᠤᠮᠳᠠ᠂ ᠵᠢᠦ ᠯᠦᠩ ᠰᠢᠶᠠᠩ᠂ ᠶᠧ ᠮᠠ ᠰᠢᠶᠠᠩ ᠠᠴᠠ ᠢᠷᠡᠭᠰᠡᠨ ᠪᠦᠬᠦ ᠨᠠᠮ ᠤᠨ ᠭᠡᠰᠢᠭᠦᠳ ᠬᠠᠮᠲᠤ ᠪᠠᠷ ᠨᠠᠮ ᠤᠨ ᠲᠤᠭ ᠤᠨ ᠳᠣᠣᠷ᠎ᠠ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠢᠶᠠᠨ ᠲᠠᠬᠢᠨ ᠤᠩᠰᠢᠪᠠ᠃ ᠣᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠵᠠᠩᠭᠢᠳᠴᠤ᠂ ᠳᠠᠬᠢᠨᠲᠠ ᠲᠥᠪ ᠴᠢᠩᠭ᠎ᠠ ᠪᠠᠷ ᠲᠠᠩᠭᠠᠷᠢᠭᠯᠠᠪᠠ᠃ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ…… ᠨᠠᠮ ᠪᠣᠯᠤᠨ ᠠᠷᠠᠳ ᠲᠦᠮᠡᠨ ᠤ ᠲᠥᠯᠥᠭᠡ ᠠᠯᠢᠪᠠ ᠪᠠᠨ ᠦᠷᠡᠭᠳᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ ᠡᠭᠦᠷᠢᠳᠡ ᠨᠠᠮ ᠠᠴᠠ ᠤᠷᠪᠠᠭ᠋ᠤ ᠦᠭᠡᠢ᠃ ᠡᠷᠡᠰ ᠪᠠᠲᠤ ᠲᠠᠩᠭᠠᠷᠢᠭ᠂ ᠲᠥᠪ ᠴᠢᠩᠭ᠎ᠠ ᠣᠮᠤᠭ ᠵᠣᠷᠢᠭ᠂ ᠡᠪ ᠬᠠᠮᠲᠤ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠠᠶᠠᠨᠳᠠᠭᠠᠨ ᠪᠤᠢ ᠪᠣᠯᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠣᠯᠠᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠢᠷᠭᠡᠨ ᠤ ᠬᠠᠤᠯᠢ ᠶᠢᠨ ᠪᠢᠴᠢᠭ᠂ ᠦᠨᠳᠦᠰᠦᠨ ᠬᠠᠤᠯᠢ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠ ᠨᠡᠶᠢᠭᠡᠮ ᠤᠨ ᠥᠷᠭᠡᠨ ᠳᠡᠯᠭᠡᠷ ᠠᠩᠬᠠᠷᠴᠤ ᠪᠠᠶᠢᠭ᠎ᠠ ᠬᠠᠤᠯᠢ ᠴᠠᠭᠠᠵᠠ  ᠶᠢᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠰᠡᠵᠢᠭᠯᠡᠯ ᠢ ᠨᠢᠭᠤᠷᠲᠠᠨ ᠲᠠᠶᠢᠯᠪᠤᠷᠢᠯᠠᠵᠤ᠂ ᠠᠵᠢᠯᠯᠠᠭᠠᠨ ᠤ ᠬᠠᠷᠢᠯᠴᠠᠨ ᠦᠶᠯᠡᠳᠦᠯᠴᠡᠬᠦ ᠴᠢᠨᠠᠷ ᠢ ᠨᠡᠮᠡᠭᠳᠡᠭᠦᠯᠦᠨ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠨᠦᠭᠦᠳ ᠤᠨ ᠪᠦᠯᠬᠦᠮᠳᠡᠯ ᠨᠢᠭᠡᠳᠦᠯ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠪᠠᠨ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠬᠥᠮᠦᠰ   ᠤᠨ ᠰᠡᠳᠬᠢᠯ  ᠳᠤ ᠭᠦᠨ ᠬᠠᠳᠠᠩᠰᠢᠭᠤᠯᠪᠠ᠃
   ᠲᠠᠶᠢᠰᠠᠨ ᠳᠡᠭᠡᠷᠡᠬᠢ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠠᠶᠢᠰᠠᠨ ᠳᠣᠣᠷᠠᠬᠢ ᠦᠵᠡᠭᠴᠢᠳ ᠤᠳᠠᠲᠠᠯ᠎ᠠ ᠠᠯᠠᠭ᠎ᠠ ᠲᠠᠰᠢᠵᠤ᠂ ᠪᠠᠶᠠᠷ ᠪᠠᠶᠠᠰᠤᠯ ᠤᠨ ᠳᠤᠮᠳᠠ ᠰᠣᠭᠲᠣᠭᠤᠷᠠᠵᠤ᠂ ᠤᠷᠠᠯᠢᠭ ᠤᠨ ᠷᠢᠳᠢ ᠰᠢᠳᠢ ᠶᠢ ᠮᠡᠳᠡᠷᠡᠵᠦ ᠪᠠᠶᠢᠯ᠎ᠠ᠃
   ︽ᠥᠨᠥᠳᠦᠷ ᠪᠢᠳᠡ ᠶᠧ ᠮᠠ ᠰᠢᠶᠠᠩ ᠤᠨ ᠢᠮᠠᠭᠠᠳᠤ ᠲᠣᠰᠬᠤᠨ ᠤ ᠨᠠᠶᠢᠵᠠ ᠨᠠᠷ ᠢ ᠤᠷᠢᠵᠤ ᠠᠵᠢᠯᠯᠠᠭ᠎ᠠ ᠳᠤ ᠣᠷᠣᠯᠴᠠᠭᠤᠯᠤᠨ᠂ ᠤᠯᠠᠭᠠᠨᠮᠥ᠋ᠴᠢᠷ ᠤᠨ ᠡᠶᠢᠮᠦ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠭᠤᠯᠵᠤ᠂ ᠤᠯᠠᠨ  ᠢᠶᠠᠷ ᠢᠶᠠᠨ ᠬᠠᠮᠲᠤ ᠳᠠᠭᠤᠤ ᠳᠠᠭᠤᠯᠠᠨ ᠪᠥᠵᠢᠭ ᠪᠥᠵᠢᠭᠯᠡᠵᠦ᠂ ᠲᠣᠭᠯᠠᠯᠲᠠ ᠶᠢᠨ ᠰᠣᠶᠣᠯ ᠤᠨ ᠠᠭᠤᠷ ᠠᠮᠢᠰᠬᠤᠯ ᠮᠠᠰᠢ ᠥᠳᠬᠡᠨ᠂ ᠮᠠᠰᠢ ᠶᠡᠭᠡ ᠨᠥᠯᠥᠭᠡᠯᠡᠬᠦ ᠬᠦᠴᠦᠨ ᠲᠠᠢ ᠪᠠᠶᠢᠵᠤ᠂ ᠤᠯᠠᠨ ᠢᠶᠠᠷ ᠢᠶᠠᠨ ᠮᠠᠰᠢ ᠪᠠᠶᠠᠷᠲᠠᠢ ᠪᠠᠶᠢᠨ᠎ᠠ᠃︾ ᠭᠡᠵᠦ ᠵᠢᠦ ᠯᠦᠩ ᠰᠢᠶᠠᠩ ᠤᠨ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠪᠠᠶᠠᠷᠲᠠᠶ ᠬᠡᠯᠡᠨ᠎ᠡ᠃
   ︽ᠤᠳᠬ᠎ᠠ ᠤᠷᠠᠯᠢᠭ ᠢ ᠬᠥᠳᠡᠭᠡ ᠪᠠᠭᠤᠯᠭᠠᠬᠤ︾ ᠨᠢ ᠣᠯᠠᠨ ᠲᠦᠮᠡᠨ ᠲᠠᠢ ᠣᠶᠢᠷᠠᠲᠤᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠠᠶ᠂ ᠲᠣᠰ ᠤᠳᠠᠭᠠᠨ ᠤ ᠲᠣᠭᠯᠠᠯᠲᠠ ᠨᠢ 600 ᠭᠠᠷᠤᠶ ᠬᠥᠮᠦᠨ ᠳᠤ ᠠᠰᠢᠭ ᠬᠦᠷᠲᠡᠭᠡᠵᠦ᠂ ᠭᠤᠶᠢᠳᠠ ᠰᠠᠶᠢᠬᠠᠨ ︽ᠰᠣᠶᠣᠯ ᠤᠨ ᠳᠠᠶᠢᠯᠠᠯᠭ᠎ᠠ︾ ᠶᠢ ᠠᠷᠠᠳ ᠣᠯᠠᠨ ᠤ ︽ᠬᠡᠷ ᠤᠨ ᠡᠭᠦᠳᠡᠨ︾ ᠳᠤ ᠬᠦᠷᠭᠡᠭᠰᠡᠨ ᠢᠶᠠᠷ ᠪᠠᠷᠠᠬᠤ ᠥᠬᠡᠶ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠠᠩ ᠨᠢᠭᠲᠠ ᠬᠠᠷᠢᠯᠴᠠᠵᠤ᠂ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠵᠢᠤ ᠯᠦᠩ ᠰᠢᠶᠠᠩ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠰᠣᠶᠣᠯ ᠢ ᠬᠥᠳᠡᠭᠡ ᠬᠦᠷᠭᠡᠬᠦ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠳᠤ ︽ᠬᠦᠴᠦᠨ ᠨᠡᠮᠡᠷᠢᠯᠡᠨ᠎ᠡ︾᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号