︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠵᠢᠦ ᠯᠥᠩ ᠰᠢᠶᠠᠩ | ᠲᠦᠴᠢᠦᠸᠠᠨ ᠰᠢᠶᠠᠨ ᠤ ᠤᠯᠠᠭᠠᠨᠮᠥ᠋ᠴᠢᠷ ᠢ ᠵᠢᠦ ᠯᠥᠩ ᠰᠢᠶᠠᠩ ᠤᠨ ᠱᠢ ᠵᠢᠶᠠ ᠽᠢ ᠲᠣᠰᠬᠤᠨ ᠳᠤ ᠤᠷᠢᠵᠤ ︽ | ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠭᠠᠨ ᠤ ᠲᠣᠭᠯᠠᠯᠲᠠ ᠶᠢᠨ ᠠᠵᠢᠯᠯᠠᠭ᠎ᠠ | ᠥᠷᠨᠢᠭᠦᠯᠦᠭᠰᠡᠨ ᠪᠥᠭᠡᠳ ᠭᠢᠷᠢᠨ ᠮᠤᠵᠢ ᠶᠢᠨ ᠲᠤᠤᠨᠠᠨ ᠬᠤᠲᠠ ᠶᠢᠨ ᠶᠧ ᠮᠠ ᠰᠢᠶᠠᠩ ᠤᠨ ᠢᠮᠠᠭᠠᠲᠤ ᠲᠣᠰᠬᠤᠨ ᠤ | ᠨᠠᠮ ᠤᠨ ᠭᠡᠰᠢᠭᠦᠨ ᠣᠯᠠᠨ ᠲᠦᠮᠡᠨ ᠢ ᠤᠷᠢᠵᠤ ᠬᠠᠮᠲᠤ ᠣᠷᠣᠯᠴᠠᠭᠤᠯᠪᠠ᠃ | | ᠲᠣᠭᠯᠠᠯᠲᠠ ᠨᠢ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠪᠥᠵᠢᠭ ᠢᠶᠠᠷ ᠬᠥᠰᠢᠭᠡ ᠪᠠᠨ | ᠰᠡᠬᠦᠪᠡ᠃ ᠮᠣᠷᠢᠨ ᠬᠤᠭᠤᠷ ᠤᠨ ᠭᠤᠴᠣᠯᠠᠯ ᠬᠥᠭᠵᠢᠮ᠂ ᠱᠤᠭ ᠵᠦᠴᠦᠭᠡ᠂ ᠲᠠᠯᠠᠪᠠᠢ ᠶᠢᠨ ᠪᠥᠵᠢᠭ᠂ ᠲᠠᠯᠠᠪᠠᠢ | ᠲᠠᠲᠠᠬᠤ ᠰᠢ᠂ ᠳᠠᠭᠤᠤ ᠶᠢᠨ ᠭᠤᠴᠣᠯᠠᠯ ᠳᠠᠭᠤᠤ ᠵᠡᠷᠭᠡ ᠲᠣᠭᠯᠠᠯᠲᠠ ᠡᠭᠡᠯᠵᠢᠯᠡᠨ ᠲᠣᠭᠯᠠᠨ᠎ᠠ᠃ ᠭᠤᠶᠢᠳᠠ ᠰᠠᠶᠢᠬᠠᠨ | ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠣᠯᠠᠨ ᠡᠰᠢᠲᠦ ᠦᠨᠳᠦᠰᠦᠲᠡᠨ ᠤ ᠰᠣᠶᠣᠯ ᠤᠨ ᠷᠢᠳᠢ ᠰᠢᠳᠢ | ᠶᠢ ᠭᠦᠶᠴᠡᠳ ᠢᠯᠡᠷᠡᠭᠦᠯᠪᠡ᠃ | | ᠠᠵᠢᠯᠯᠠᠭᠠᠨ ᠳᠤᠮᠳᠠ᠂ ᠵᠢᠦ ᠯᠦᠩ ᠰᠢᠶᠠᠩ᠂ ᠶᠧ ᠮᠠ ᠰᠢᠶᠠᠩ ᠠᠴᠠ ᠢᠷᠡᠭᠰᠡᠨ ᠪᠦᠬᠦ ᠨᠠᠮ ᠤᠨ ᠭᠡᠰᠢᠭᠦᠳ | ᠬᠠᠮᠲᠤ ᠪᠠᠷ ᠨᠠᠮ ᠤᠨ ᠲᠤᠭ ᠤᠨ ᠳᠣᠣᠷ᠎ᠠ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠢᠶᠠᠨ ᠲᠠᠬᠢᠨ | ᠤᠩᠰᠢᠪᠠ᠃ ᠣᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠵᠠᠩᠭᠢᠳᠴᠤ᠂ ᠳᠠᠬᠢᠨᠲᠠ ᠲᠥᠪ ᠴᠢᠩᠭ᠎ᠠ ᠪᠠᠷ | ᠲᠠᠩᠭᠠᠷᠢᠭᠯᠠᠪᠠ᠃ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ…… | ᠨᠠᠮ ᠪᠣᠯᠤᠨ ᠠᠷᠠᠳ ᠲᠦᠮᠡᠨ ᠤ ᠲᠥᠯᠥᠭᠡ ᠠᠯᠢᠪᠠ ᠪᠠᠨ ᠦᠷᠡᠭᠳᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ | ᠡᠭᠦᠷᠢᠳᠡ ᠨᠠᠮ ᠠᠴᠠ ᠤᠷᠪᠠᠭ᠋ᠤ ᠦᠭᠡᠢ᠃ ᠡᠷᠡᠰ ᠪᠠᠲᠤ ᠲᠠᠩᠭᠠᠷᠢᠭ᠂ ᠲᠥᠪ ᠴᠢᠩᠭ᠎ᠠ ᠣᠮᠤᠭ ᠵᠣᠷᠢᠭ᠂ ᠡᠪ ᠬᠠᠮᠲᠤ | ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠠᠶᠠᠨᠳᠠᠭᠠᠨ ᠪᠤᠢ ᠪᠣᠯᠪᠠ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ | ᠰᠠᠶᠢᠨ ᠳᠤᠷᠠᠴᠤᠳ ᠣᠯᠠᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠢᠷᠭᠡᠨ ᠤ ᠬᠠᠤᠯᠢ ᠶᠢᠨ ᠪᠢᠴᠢᠭ᠂ | ᠦᠨᠳᠦᠰᠦᠨ ᠬᠠᠤᠯᠢ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ | ᠤᠬᠠᠭᠤᠯᠤᠨ ᠲᠠᠶᠢᠯᠪᠤᠷᠢᠯᠠᠵᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠣᠯᠠᠨ ᠲᠦᠮᠡᠨ ᠤ ᠦᠶᠯᠡᠳᠪᠦᠷᠢᠯᠡᠯ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠ ᠨᠡᠶᠢᠭᠡᠮ ᠤᠨ ᠥᠷᠭᠡᠨ ᠳᠡᠯᠭᠡᠷ ᠠᠩᠬᠠᠷᠴᠤ ᠪᠠᠶᠢᠭ᠎ᠠ ᠬᠠᠤᠯᠢ ᠴᠠᠭᠠᠵᠠ | ᠶᠢᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠰᠡᠵᠢᠭᠯᠡᠯ ᠢ ᠨᠢᠭᠤᠷᠲᠠᠨ ᠲᠠᠶᠢᠯᠪᠤᠷᠢᠯᠠᠵᠤ᠂ | ᠠᠵᠢᠯᠯᠠᠭᠠᠨ ᠤ ᠬᠠᠷᠢᠯᠴᠠᠨ ᠦᠶᠯᠡᠳᠦᠯᠴᠡᠬᠦ ᠴᠢᠨᠠᠷ ᠢ ᠨᠡᠮᠡᠭᠳᠡᠭᠦᠯᠦᠨ᠂ ᠥᠷᠭᠡᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠦᠨᠳᠦᠰᠦᠲᠡᠨ ᠨᠦᠭᠦᠳ ᠤᠨ ᠪᠦᠯᠬᠦᠮᠳᠡᠯ ᠨᠢᠭᠡᠳᠦᠯ᠂ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠣᠭᠰᠢᠬᠤ | ᠰᠡᠳᠬᠢᠯᠭᠡ ᠪᠠᠨ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ | ᠳᠤ ᠭᠦᠨ ᠬᠠᠳᠠᠩᠰᠢᠭᠤᠯᠪᠠ᠃ | | ᠲᠠᠶᠢᠰᠠᠨ ᠳᠡᠭᠡᠷᠡᠬᠢ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠠᠮᠢᠵᠢᠷᠠᠯ ᠤᠨ ᠬᠦᠴᠦᠨ ᠢᠶᠠᠷ | ᠪᠢᠯᠬᠠᠵᠤ᠂ ᠲᠠᠶᠢᠰᠠᠨ ᠳᠣᠣᠷᠠᠬᠢ ᠦᠵᠡᠭᠴᠢᠳ ᠤᠳᠠᠲᠠᠯ᠎ᠠ ᠠᠯᠠᠭ᠎ᠠ ᠲᠠᠰᠢᠵᠤ᠂ ᠪᠠᠶᠠᠷ ᠪᠠᠶᠠᠰᠤᠯ ᠤᠨ ᠳᠤᠮᠳᠠ | ᠰᠣᠭᠲᠣᠭᠤᠷᠠᠵᠤ᠂ ᠤᠷᠠᠯᠢᠭ ᠤᠨ ᠷᠢᠳᠢ ᠰᠢᠳᠢ ᠶᠢ ᠮᠡᠳᠡᠷᠡᠵᠦ ᠪᠠᠶᠢᠯ᠎ᠠ᠃ | | ︽ᠥᠨᠥᠳᠦᠷ ᠪᠢᠳᠡ ᠶᠧ ᠮᠠ ᠰᠢᠶᠠᠩ ᠤᠨ ᠢᠮᠠᠭᠠᠳᠤ ᠲᠣᠰᠬᠤᠨ ᠤ ᠨᠠᠶᠢᠵᠠ ᠨᠠᠷ ᠢ ᠤᠷᠢᠵᠤ ᠠᠵᠢᠯᠯᠠᠭ᠎ᠠ ᠳᠤ | ᠣᠷᠣᠯᠴᠠᠭᠤᠯᠤᠨ᠂ ᠤᠯᠠᠭᠠᠨᠮᠥ᠋ᠴᠢᠷ ᠤᠨ ᠡᠶᠢᠮᠦ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠭᠤᠯᠵᠤ᠂ ᠤᠯᠠᠨ | ᠢᠶᠠᠷ ᠢᠶᠠᠨ ᠬᠠᠮᠲᠤ ᠳᠠᠭᠤᠤ ᠳᠠᠭᠤᠯᠠᠨ ᠪᠥᠵᠢᠭ ᠪᠥᠵᠢᠭᠯᠡᠵᠦ᠂ ᠲᠣᠭᠯᠠᠯᠲᠠ ᠶᠢᠨ ᠰᠣᠶᠣᠯ ᠤᠨ ᠠᠭᠤᠷ ᠠᠮᠢᠰᠬᠤᠯ | ᠮᠠᠰᠢ ᠥᠳᠬᠡᠨ᠂ ᠮᠠᠰᠢ ᠶᠡᠭᠡ ᠨᠥᠯᠥᠭᠡᠯᠡᠬᠦ ᠬᠦᠴᠦᠨ ᠲᠠᠢ ᠪᠠᠶᠢᠵᠤ᠂ ᠤᠯᠠᠨ ᠢᠶᠠᠷ ᠢᠶᠠᠨ ᠮᠠᠰᠢ ᠪᠠᠶᠠᠷᠲᠠᠢ ᠪᠠᠶᠢᠨ᠎ᠠ᠃ | ︾ ᠭᠡᠵᠦ ᠵᠢᠦ ᠯᠦᠩ ᠰᠢᠶᠠᠩ ᠤᠨ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠪᠠᠶᠠᠷᠲᠠᠶ | ᠬᠡᠯᠡᠨ᠎ᠡ᠃ | | ︽ᠤᠳᠬ᠎ᠠ ᠤᠷᠠᠯᠢᠭ ᠢ ᠬᠥᠳᠡᠭᠡ ᠪᠠᠭᠤᠯᠭᠠᠬᠤ︾ ᠨᠢ ᠣᠯᠠᠨ ᠲᠦᠮᠡᠨ ᠲᠠᠢ ᠣᠶᠢᠷᠠᠲᠤᠵᠤ᠂ ᠠᠷᠠᠳ ᠤᠨ | ᠰᠡᠳᠬᠢᠯ ᠢ ᠨᠢᠭᠲᠠᠷᠠᠭᠤᠯᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠠᠶ᠂ ᠲᠣᠰ ᠤᠳᠠᠭᠠᠨ ᠤ ᠲᠣᠭᠯᠠᠯᠲᠠ ᠨᠢ | 600 ᠭᠠᠷᠤᠶ ᠬᠥᠮᠦᠨ ᠳᠤ ᠠᠰᠢᠭ ᠬᠦᠷᠲᠡᠭᠡᠵᠦ᠂ ᠭᠤᠶᠢᠳᠠ ᠰᠠᠶᠢᠬᠠᠨ ︽ᠰᠣᠶᠣᠯ ᠤᠨ ᠳᠠᠶᠢᠯᠠᠯᠭ᠎ᠠ︾ ᠶᠢ ᠠᠷᠠᠳ | ᠣᠯᠠᠨ ᠤ ︽ᠬᠡᠷ ᠤᠨ ᠡᠭᠦᠳᠡᠨ︾ ᠳᠤ ᠬᠦᠷᠭᠡᠭᠰᠡᠨ ᠢᠶᠠᠷ ᠪᠠᠷᠠᠬᠤ ᠥᠬᠡᠶ ᠦᠨᠳᠦᠰᠦᠲᠡᠨ ᠨᠦᠭᠦᠳ ᠤᠨ ᠣᠯᠠᠨ | ᠲᠦᠮᠡᠨ ᠲᠠᠢ ᠨᠠᠩ ᠨᠢᠭᠲᠠ ᠬᠠᠷᠢᠯᠴᠠᠵᠤ᠂ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠪᠠ᠃ ᠳᠠᠷᠠᠭᠠᠴᠢ ᠶᠢᠨ | ᠠᠯᠬᠤᠮ ᠳᠤ᠂ ᠵᠢᠤ ᠯᠦᠩ ᠰᠢᠶᠠᠩ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ | ᠬᠡᠯᠪᠡᠷᠢ ᠶᠢᠨ ᠰᠣᠶᠣᠯ ᠢ ᠬᠥᠳᠡᠭᠡ ᠬᠦᠷᠭᠡᠬᠦ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠤᠯᠠᠨ ᠤ ᠵᠣᠯ ᠵᠢᠷᠭᠠᠯᠲᠤ | ᠠᠮᠢᠳᠤᠷᠠᠯ ᠳᠤ ︽ᠬᠦᠴᠦᠨ ᠨᠡᠮᠡᠷᠢᠯᠡᠨ᠎ᠡ︾᠃ |