ᠲᠠᠢ ᠫᠢᠩ ᠰᠢᠶᠠᠩ ᠤᠨ ᠬᠢᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠨᠠᠮ ᠤᠨ ᠡᠨᠡᠷᠢᠯ ᠬᠠᠶᠢᠷ᠎ᠠ ᠶᠢ ᠮᠠᠭᠲᠠᠨ ᠳᠠᠭᠤᠯᠠᠬᠤ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/6
   ᠤᠢᠢᠷ᠎ᠡ ᠶᠢᠨ ᠡᠳᠦᠷ᠂ ᠲᠠᠢ ᠫᠢᠩ ᠰᠢᠶᠠᠩ ᠤᠨ ᠬᠢᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠨᠠᠮ  ᠤᠨ ᠡᠨᠡᠷᠢᠯ ᠬᠠᠶᠢᠷ᠎ᠠ ᠶᠢ ᠮᠠᠭᠲᠠᠨ ᠳᠠᠭᠤᠯᠠᠬᠤ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠦ᠋ ᠰᠢᠩ ᠲᠣᠰᠬᠤᠨ᠂ ᠰᠠᠶᠢᠨᠬᠤᠸᠠᠷ ᠲᠣᠰᠬᠤᠨ᠂ ᠱᠤ᠋ ᠭᠤᠸᠠᠩ ᠲᠣᠰᠬᠤᠨ ᠵᠡᠷᠭᠡ 10 ᠲᠣᠰᠬᠤᠨ ᠤ 400 ᠭᠠᠷᠤᠢ ᠤᠯᠠᠨ ᠲᠦᠮᠡᠨ ᠣᠷᠣᠯᠴᠠᠵᠤ᠂ ᠪᠦᠬᠦ ᠲᠠᠯᠠᠪᠠᠢ ᠲᠣᠭᠯᠠᠯᠲᠠ ᠤᠷᠬᠢᠯ ᠳᠠᠭᠠᠨ ᠬᠦᠷᠴᠦ᠂ ᠠᠭᠤᠯᠭ᠎ᠠ ᠨᠢ ᠭᠤᠶᠢᠳᠠ ᠰᠠᠶᠢᠬᠠᠨ ᠪᠤᠯᠵᠤ᠂ ᠲᠠᠶᠢᠰᠠᠨ ᠳᠣᠣᠷᠠᠬᠢ ᠦᠵᠡᠭᠴᠢᠳ ᠲᠠᠰᠤᠷᠠᠯᠳᠠ ᠦᠭᠡᠢ ᠮᠠᠭᠲᠠᠨ ᠰᠠᠶᠢᠰᠢᠶᠠᠵᠤ᠂ ᠠᠯᠠᠭ᠎ᠠ ᠲᠠᠰᠢᠵᠤ ᠪᠠᠶᠢᠯ᠎ᠠ᠃
   ᠲᠣᠭᠯᠠᠯᠲᠠ ᠨᠢ ︽ᠲᠠᠯ᠎ᠠ ᠨᠤᠲᠤᠭ ᠲᠤ ᠵᠣᠭᠰᠣᠨ ᠪᠡᠭᠡᠵᠢᠩ ᠢ ᠪᠠᠷᠠᠯᠠᠬᠤ ᠨᠢ︾ ᠭᠡᠬᠦ ᠬᠠᠮᠲᠤ ᠶᠢᠨ ᠪᠥᠵᠢᠭ  ᠢᠶᠠᠷ ᠬᠥᠰᠢᠭᠡ ᠪᠠᠨ ᠰᠡᠬᠦᠵᠦ᠂ ᠣᠯᠠᠨ ᠲᠦᠮᠡᠨ ᠤ ᠥᠪᠡᠷ ᠢᠶᠠᠨ ᠨᠠᠶᠢᠷᠠᠭᠤᠯᠵᠤ ᠥᠪᠡᠷ ᠢᠶᠠᠨ ᠤᠳᠤᠷᠢᠳᠴᠤ ᠥᠪᠡᠷ  ᠢᠶᠠᠨ ᠲᠣᠭᠯᠠᠭᠰᠠᠨ ᠭᠤᠶᠢᠳᠠ ᠰᠠᠶᠢᠬᠠᠨ ᠲᠣᠭᠯᠠᠯᠲᠠ ᠪᠠᠷ ᠡᠭᠡᠯᠵᠢᠯᠡᠨ ᠲᠣᠭᠯᠠᠵᠤ᠂ ᠣᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ᠂ ᠬᠠᠩᠭᠢᠨᠠᠮ᠎ᠠ ᠳᠠᠭᠤᠤ᠂ ᠪᠠᠶᠠᠷ ᠪᠠᠶᠠᠰᠬᠤᠯᠠᠩᠲᠤ ᠪᠥᠵᠢᠭ ᠢᠶᠠᠷ ᠢᠶᠠᠨ ᠰᠢᠨ᠎ᠡ ᠴᠠᠭ ᠦᠶ᠎ᠡ  ᠶᠢᠨ ᠰᠠᠶᠢᠨ ᠰᠠᠶᠢᠬᠠᠨ ᠠᠮᠢᠳᠤᠷᠠᠯ ᠤᠨ ᠳᠣᠤᠷᠠᠬᠢ ᠲᠠᠢ ᠫᠢᠩ ᠰᠢᠶᠠᠩ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ︽ᠥᠩᠭᠡᠷᠡᠭᠰᠡᠨ ᠳᠤ ᠮᠠᠨ ᠤ ᠲᠣᠰᠬᠤᠨ ᠰᠣᠶᠣᠯ ᠤᠨ ᠠᠵᠢᠯᠯᠠᠭ᠎ᠠ ᠥᠷᠨᠢᠭᠦᠯᠬᠦ ᠳᠤ ᠵᠥᠪᠬᠡᠨ ᠶᠠᠩᠭᠠᠷ ᠯᠠ ᠪᠠᠶᠢᠵᠠᠶ᠂ ᠣᠲᠣ ᠰᠣᠶᠣᠯ ᠤᠨ ᠠᠭᠤᠳᠠᠮ ᠲᠠᠯᠠᠪᠠᠶ ᠶᠢ ᠰᠢᠨ᠎ᠡ ᠪᠠᠷ ᠪᠠᠶᠢᠭᠤᠯᠵᠤ᠂ ᠣᠯᠠᠨ ᠢᠶᠠᠷ ᠢᠶᠠᠨ ᠬᠠᠮᠲᠤ ᠪᠠᠷ ᠰᠢᠨ᠎ᠡ ᠪᠥᠵᠢᠭ ᠪᠣᠯᠪᠠᠰᠤᠷᠠᠵᠤ᠂ ᠠᠯᠢ ᠲᠣᠰᠬᠤᠨ ᠨᠢ ᠪᠢᠳᠡᠨ ᠳᠤ ᠠᠵᠢᠯᠯᠠᠭ᠎ᠠ ᠶᠢᠨ ᠤᠷᠢᠯᠭ᠎ᠠ ᠲᠠᠯᠪᠢᠭᠰᠠᠨ ᠴᠤ ᠪᠢᠳᠡ ᠴᠥᠮ ᠡᠭᠦᠨ ᠳᠤ ᠢᠳᠡᠪᠬᠢᠲᠡᠶ ᠣᠷᠣᠯᠴᠠᠨ᠎ᠠ᠃︾ ᠭᠡᠵᠦ ᠡᠦ ᠰᠢᠩ ᠲᠣᠰᠬᠤᠨ ᠤ ᠪᠥᠵᠢᠭ ᠤᠨ ᠠᠩᠬᠢ ᠶᠢᠨ ᠳᠠᠷᠤᠭ᠎ᠠ ᠰᠢᠤᠢ ᠱᠤ᠋ ᠹᠧᠨ ᠰᠡᠳᠬᠢᠯ ᠳᠣᠭᠳᠣᠯᠤᠨ ᠬᠡᠯᠡᠨ᠎ᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠠᠯᠪᠠᠨ ᠵᠢᠷᠤᠮ ᠤᠨ ᠡᠮᠴᠢᠯᠡᠭᠡᠨ ᠤ ᠲᠥᠷᠥᠯ ᠵᠦᠶᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ ᠵᠡᠷᠭᠡ ᠶᠢ ᠲᠣᠬᠢᠷᠠᠭᠤᠯᠵᠤ᠂ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠴᠢᠰᠤᠨ ᠳᠠᠷᠤᠯᠲᠠ ᠶᠢ ᠬᠡᠮᠵᠢᠵᠦ᠂ ᠬᠥᠳᠡᠭᠡ ᠲᠣᠰᠬᠤᠨ ᠤ ᠺᠠᠳ᠋ᠷ ᠪᠠ ᠰᠠᠶᠢᠨ ᠳᠤᠷᠠᠴᠤᠳ ᠬᠡᠪ ᠵᠠᠩᠰᠢᠯ  ᠢᠶᠠᠨ ᠥᠭᠡᠷᠡᠴᠢᠯᠡᠬᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠤᠬᠠᠭᠤᠯᠭ᠎ᠠ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠣᠨᠣᠯ ᠪᠠ ᠲᠥᠷᠥ ᠶᠢᠨ ᠪᠣᠳᠣᠯᠭ᠎ᠠ  ᠶᠢ ᠣᠯᠠᠨ ᠲᠦᠮᠡᠨ ᠤ ᠠᠮᠢᠳᠤᠷᠠᠯ ᠳᠤ ᠨᠠᠩ ᠢᠯᠡᠭᠦᠦ ᠣᠶᠢᠷᠠᠲᠤᠭᠤᠯᠵᠤ᠂ ᠲᠥᠷᠥ ᠶᠢᠨ ᠪᠣᠳᠣᠯᠭ᠎ᠠ ᠪᠠᠷ ᠠᠷᠠᠳ ᠲᠤ ᠠᠰᠢᠭ ᠬᠦᠷᠲᠡᠭᠡᠬᠦ ︽︽ᠡᠴᠦᠰ ᠤᠨ ᠨᠢᠭᠡ ᠺᠢᠯᠣᠮᠧᠲᠷ︾ ᠢ ︽ᠥᠴᠦᠬᠡᠨ ᠴᠦ ᠵᠠᠶ ᠥᠬᠡᠶ︾ ᠪᠣᠯᠭᠠᠵᠤ᠂ ᠣᠯᠠᠨ ᠲᠦᠮᠡᠨ ᠳᠤ ᠨᠠᠩ ᠣᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠣᠶᠢᠯᠠᠭᠠᠭᠤᠯᠵᠤ᠂ ᠬᠥᠮᠦᠵᠢᠯ ᠬᠦᠷᠲᠡᠭᠡᠬᠦ ᠳᠤᠮᠳᠠ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠬᠦᠷᠭᠡᠵᠡᠶ᠃
  ᠲᠣᠭᠯᠠᠯᠲᠠ ᠨᠢ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠨᠠᠶᠢᠷᠠᠯ ᠳᠠᠭᠤᠤ ᠪᠠᠷ ᠲᠡᠭᠦᠰ ᠠᠮᠵᠢᠯᠲᠠ ᠲᠠᠢ ᠥᠨᠳᠥᠷᠯᠡᠪᠡ᠃ ᠲᠤᠰ ᠤᠳᠠᠭ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠨᠢ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠬᠤᠶᠢᠰᠢᠳᠠ ᠲᠠᠢ ᠫᠢᠩ ᠰᠢᠶᠠᠩ ᠨᠢ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠤᠳᠬ᠎ᠠ ᠤᠷᠠᠯᠢᠭ ᠤᠨ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠲᠠᠢ ᠫᠢᠩ ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠬᠤᠷᠠᠮᠳᠤᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号