ᠲᠦᠴᠢᠦᠸᠠᠨ ᠰᠢᠶᠠᠨ ᠬᠥᠷᠥᠰᠥ ᠰᠢᠷᠣᠶ ᠶᠢ ᠬᠠᠮᠠᠭᠠᠯᠠᠵᠤ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2024/7/9
   ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠴᠢᠨᠠᠭᠰᠢᠳᠠ ᠪᠠᠬᠢᠵᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠶᠯᠡᠳᠦᠯᠭᠡᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠠᠯᠢ ᠣᠯᠠᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠢᠷᠤᠭ ᠢ ᠵᠢᠷᠤᠭᠯᠠᠪᠠ᠃
   ᠣᠶᠢᠷ᠎ᠠ ᠳᠤ᠂ ᠯᠢᠦ ᠬᠤ᠋ ᠪᠠᠯᠭᠠᠰᠤᠨ ᠤ ᠢᠤᠢ ᠱᠤ᠋ ᠲᠣᠰᠬᠤᠨ ᠳᠤ᠂ ᠠᠵᠢᠯᠴᠢᠳ ᠲᠣᠰᠬᠤᠨ ᠤ ᠢᠳᠡᠭᠳᠡᠭᠰᠡᠨ ᠭᠤᠤ ᠶᠢ ᠵᠠᠰᠠᠨ ᠰᠡᠯᠪᠢᠵᠦ ᠪᠠᠶᠢᠨ᠎ᠠ᠃ ᠡᠨᠡ ᠵᠢᠯ ᠠᠴᠠ ᠨᠠᠰᠢ᠂ ᠲᠦᠴᠢᠦᠸᠠᠨ ᠰᠢᠶᠠᠨ 1.19 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠲᠦᠴᠢᠦᠸᠠᠨ ᠰᠢᠶᠠᠨ ᠤ 2024 ᠣᠨ ᠤ ᠵᠡᠭᠦᠨ ᠬᠤᠶᠢᠲᠤ ᠶᠢᠨ ᠬᠠᠷ᠎ᠠ ᠰᠢᠷᠣᠶᠢᠲᠤ ᠣᠷᠣᠨ ᠤ ᠢᠳᠡᠭᠳᠡᠯ ᠤᠨ ᠭᠤᠤ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠵᠦ᠂ ᠯᠢᠦ ᠬᠣ᠋ ᠪᠠᠯᠭᠠᠰᠤ᠂ ᠲᠦᠴᠢᠦᠸᠠᠨ ᠪᠠᠯᠭᠠᠰᠤ᠂ ᠶᠦᠩ ᠠᠨ ᠪᠠᠯᠭᠠᠰᠤ᠂ ᠵᠡᠭᠦᠨ ᠲᠦᠷᠦᠯᠵᠢ ᠪᠠᠯᠭᠠᠰᠤ᠂ ᠪᠤᠤ ᠱᠢ ᠪᠠᠯᠭᠠᠰᠤ ᠵᠡᠷᠭᠡ 5 ᠰᠢᠶᠠᠩ ᠪᠠᠯᠭᠠᠰᠤ ᠳᠤ ᠬᠤᠯᠪᠣᠭᠳᠠᠵᠤ᠂ ᠢᠳᠡᠭᠳᠡᠯ ᠤᠨ ᠭᠤᠤ ᠶᠢ ᠨᠡᠶᠢᠲᠡ 265 ᠵᠤᠷᠪᠤᠰ ᠵᠠᠰᠠᠵᠤ᠂ ᠲᠥᠷᠥᠯ ᠵᠦᠶᠯ ᠤᠨ ᠣᠷᠣᠨ ᠤ ᠢᠳᠡᠭᠳᠡᠯ ᠤᠨ ᠭᠤᠤ ᠶᠢᠨ ᠲᠠᠷᠬᠠᠯᠲᠠ ᠵᠢᠴᠢ ᠪᠣᠶᠢᠵᠢᠯᠲᠠ ᠶᠢᠨ ᠣᠨᠴᠠᠯᠢᠭ ᠢ ᠦᠨᠳᠦᠰᠦᠯᠡᠨ᠂ ᠢᠳᠡᠭᠳᠡᠯ ᠤᠨ ᠭᠤᠤ ᠶᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠲᠥᠷᠥᠯ ᠬᠡᠯᠪᠡᠷᠢ ᠶᠢᠨ ᠢᠳᠡᠭᠳᠡᠯ ᠤᠨ ᠭᠤᠤ ᠶᠢᠨ ᠣᠨᠴᠠᠯᠢᠭ ᠪᠥᠬᠦᠶ ᠭᠦᠶᠴᠡᠳᠬᠡᠯ ᠲᠤᠭ᠎ᠠ ᠳᠤ ᠴᠢᠭᠯᠡᠭᠦᠯᠦᠨ᠂ ᠲᠣᠰ ᠲᠣᠰ ᠲᠣᠬᠢᠷᠠᠮᠵᠢᠲᠠᠶ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠪᠠ᠃
   ︽ᠲᠣᠰ ᠲᠥᠷᠥᠯ ᠵᠦᠶᠯ ᠤᠨ ᠲᠣᠭᠤᠷᠢᠭ ᠲᠤ ᠣᠲᠣ ᠲᠤᠭᠤᠯᠭᠠᠨ ᠰᠢᠷᠬᠡᠭᠲᠦ ᠴᠢᠯᠠᠭᠤᠨ ᠵᠢᠩᠨᠡᠭᠦᠷᠲᠦ ᠬᠥᠨᠳᠡᠶ᠂ ᠪᠧᠲ᠋ᠤᠨᠳᠤ ᠬᠥᠨᠳᠡᠶ᠂ ᠪᠤᠷᠭᠠᠰᠤ ᠪᠠᠷ ᠡᠷᠭᠢ ᠬᠠᠮᠠᠭᠠᠯᠠᠬᠤ ᠠᠵᠢᠯ ᠢ ᠬᠢᠵᠦ ᠪᠠᠶᠢᠨ᠎ᠠ᠂ ᠣᠲᠣ ᠨᠢᠭᠡᠨᠲᠡ ᠶᠡᠷᠦᠩᠬᠡᠶ ᠬᠠᠷᠠᠯᠲᠠ ᠶᠢᠨ ᠢᠶᠠᠨ 25% ᠶᠢ ᠪᠡᠶᠡᠯᠡᠭᠦᠯᠪᠡ᠂ ᠲᠠᠷᠠᠭᠠᠴᠢ ᠶᠢᠨ ᠠᠯᠬᠤᠮ ᠳᠤ ᠪᠢᠳᠡ ᠮᠧᠬᠠᠨᠢᠭ ᠢ ᠨᠡᠮᠡᠭᠳᠡᠭᠦᠯᠵᠦ᠂ ᠠᠵᠢᠯᠲᠠᠨ ᠢᠶᠠᠨ ᠨᠡᠮᠡᠭᠳᠡᠭᠦᠯᠵᠦ᠂ ᠵᠢᠯ ᠤᠨ ᠡᠴᠦᠰ ᠲᠤ ᠠᠵᠢᠯ ᠢᠶᠠᠨ ᠳᠠᠭᠤᠰᠬᠠᠬᠤ ᠪᠠᠷ ᠴᠢᠷᠮᠠᠶᠢᠨ᠎ᠠ᠃︾ ᠭᠡᠵᠦ ᠵᠦᠩ ᠳ᠋ᠢ ᠶᠢᠨ ᠭᠠᠩ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠢᠤᠢ ᠱᠤ᠋ ᠲᠦᠷᠦᠯ ᠵᠦᠢᠯ ᠤᠨ ᠲᠣᠭᠤᠷᠢᠭ ᠤᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠬᠤᠸᠠᠩ ᠶᠢᠨ ᠯᠢ ᠬᠡᠯᠡᠪᠡ᠃
   ᠪᠠᠷᠢᠯᠭ᠎ᠠ ᠶᠢᠨ ᠠᠵᠢᠯ ᠨᠢ ᠡᠷᠬᠢᠨ ᠲᠣᠭᠤᠷᠢᠨ ᠤ ᠲᠠᠷᠢᠶᠠᠨ ᠭᠠᠵᠠᠷ᠂ ᠣᠶᠢᠲᠤ ᠭᠠᠵᠠᠷ ᠢ ᠡᠪᠳᠡᠬᠦ ᠠᠴᠠ ᠵᠠᠶᠢᠯᠠᠰᠬᠢᠬᠦ ᠶᠢᠨ ᠲᠥᠯᠥᠭᠡ᠂ ᠲᠦᠴᠢᠦᠸᠠᠨ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠠᠷᠢᠯᠭ᠎ᠠ ᠶᠢᠨ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤ ᠭᠤᠤ ᠰᠤᠪᠠᠭ ᠤᠨ ᠰᠡᠷᠭᠡᠶᠢᠯᠡᠯᠲᠡ᠂ ᠴᠢᠯᠠᠭᠤᠨ ᠰᠢᠩᠭᠡᠯᠢᠭ ᠢᠶᠠᠷ ᠬᠠᠮᠠᠭᠠᠯᠠᠬᠤ᠂ ᠭᠤᠤ ᠶᠢᠨ ᠬᠥᠲᠥᠯ᠂ ᠭᠤᠤ ᠶᠢᠨ ᠢᠷᠣᠭᠠᠷ ᠤᠨ ᠬᠠᠮᠠᠭᠠᠯᠠᠯᠲᠠ ᠶᠢᠨ ᠣᠶ ᠶᠢ ᠵᠠᠶᠢᠯᠠᠵᠤ᠂ ᠤᠷᠭᠤᠮᠠᠯ ᠬᠢᠭᠡᠳ ᠢᠨᠵᠧᠨᠧᠷᠢᠩ ᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠢ ᠪᠦᠷᠢᠯᠳᠦᠭᠦᠯᠵᠦ᠂ ᠢᠳᠡᠭᠳᠡᠮᠡᠯ ᠭᠤᠤ ᠶᠢᠨ ᠥᠷᠭᠡᠵᠢᠬᠦ ᠶᠢ ᠪᠦᠲᠦᠮᠵᠢᠲᠡᠶ ᠬᠤᠷᠢᠭᠯᠠᠵᠤ᠂ ᠤᠰᠤᠲᠤᠯ ᠢ ᠰᠡᠷᠭᠡᠶᠢᠯᠡᠵᠦ ᠬᠥᠷᠥᠰᠥ ᠰᠢᠷᠣᠶ ᠶᠢ ᠲᠣᠭᠲᠠᠪᠤᠷᠢᠵᠢᠭᠤᠯᠬᠤ᠂ ᠬᠠᠷ᠎ᠠ ᠬᠥᠷᠥᠰᠥ ᠶᠢ ᠬᠠᠮᠠᠭᠠᠯᠠᠬᠤ ᠶᠢ ᠪᠡᠶᠡᠯᠡᠭᠦᠯᠪᠡ᠃
   ︽ᠮᠠᠨ ᠤ ᠬᠡᠷ 40 ᠮᠥ ᠲᠠᠷᠢᠶ᠎ᠠ ᠲᠠᠢ᠂ ᠡᠨᠡ ᠢᠳᠡᠭᠳᠡᠮᠡᠯ ᠭᠤᠤ ᠶᠢᠨ ᠬᠠᠵᠠᠭᠤ ᠳᠤ 8 ᠮᠥ ᠲᠠᠷᠢᠶ᠎ᠠ ᠪᠠᠶᠢᠨ᠎ᠠ᠂ ᠠᠭᠠᠳᠠᠷ ᠪᠣᠷᠣᠭᠠᠨ ᠣᠷᠣᠮᠠᠭᠴᠠ ᠠᠮᠠᠷᠬᠠᠨ ᠡᠪᠳᠡᠭᠳᠡᠵᠦ᠂ ᠲᠠᠷᠢᠶᠠᠨ ᠦᠵᠦᠭᠦᠷ ᠲᠤ ᠲᠠᠭᠠᠷᠢᠳᠠᠭ᠃ ᠣᠳᠣ ᠵᠠᠰᠠᠭ ᠤᠨ ᠣᠷᠳᠣᠨ ᠠᠴᠠ ᠢᠳᠡᠭᠳᠡᠯ ᠤᠨ ᠭᠤᠤ ᠶᠢ ᠵᠠᠰᠠᠵᠤ᠂ ᠪᠢᠳᠡ ᠲᠤᠩ ᠪᠠᠶᠠᠷᠯᠠᠵᠤ ᠪᠠᠶᠢᠨ᠎ᠠ᠂ ᠢᠩᠭᠢᠪᠡᠯ ᠲᠠᠷᠢᠶᠠᠨ ᠲᠣᠯᠣᠭᠠᠢ ᠳᠤ ᠤᠷᠤᠰᠬᠭᠠᠬᠤ ᠦᠭᠡᠢ᠂ ᠭᠠᠷᠤᠯᠲᠠ ᠪᠠᠰᠠ ᠳᠡᠭᠡᠭᠰᠢᠯᠡᠵᠦ᠂ ᠪᠢᠳᠡ ᠲᠠᠷᠢᠶ᠎ᠠ ᠲᠠᠷᠢᠬᠤ ᠳᠤ ᠨᠠᠩ ᠢᠳᠡ ᠬᠦᠴᠦᠨ ᠲᠠᠢ ᠪᠣᠯᠤᠨ᠎ᠠ᠃︾ ᠭᠡᠵᠦ ᠯᠢᠦ ᠬᠣ᠋ ᠪᠠᠯᠭᠠᠰᠤᠨ ᠤ ᠢᠤᠢ ᠱᠤ᠋ ᠲᠣᠰᠬᠤᠨ ᠤ ᠠᠷᠠᠳ ᠸᠠᠩ ᠶᠦᠩ ᠬᠡᠯᠡᠪᠡ᠃    2024 ᠣᠨ ᠳᠤ᠂ ᠲᠦᠴᠢᠦᠸᠠᠨ ᠰᠢᠶᠠᠨ ᠪᠠᠰᠠ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠢ ᠢᠳᠡᠪᠬᠢᠲᠡᠶ ᠣᠯᠵᠤ᠂ ᠶᠡᠷᠦᠩᠬᠡᠶ ᠪᠠᠯᠠ ᠣᠷᠣᠭᠤᠯᠤᠯᠲᠠ ᠨᠢ 2750 ᠲᠦᠮᠡᠨ ᠲᠥᠭᠦᠷᠢᠭ ᠲᠤ ᠬᠦᠷᠴᠡᠶ᠃ ᠲᠥᠷᠥᠯ ᠵᠦᠶᠯ ᠤᠨ ᠲᠣᠭᠤᠷᠢᠭ ᠨᠢ ᠲᠣᠰ ᠲᠣᠰ ᠰᠢᠤᠸᠠᠢ ᠲᠢᠶᠠᠨ ᠰᠢᠶᠠᠩ ᠤᠨ ᠴᠠᠩ ᠯᠧ ᠲᠣᠰᠬᠤᠨ᠂ ᠪᠤᠤ ᠱᠢ ᠪᠠᠯᠭᠠᠰᠤᠨ ᠤ ᠳ᠋ᠦᠩ ᠭᠸᠦ ᠲᠣᠰᠬᠤᠨ᠂ ᠯᠢᠦ ᠬᠤ᠋ ᠪᠠᠯᠭᠠᠰᠤᠨ ᠤ ᠵᠢᠤᠢ ᠯᠢ ᠲᠣᠰᠬᠤᠨ᠂ 3 ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠪᠣᠶ᠃    ᠪᠤᠤ ᠱᠢ ᠪᠠᠯᠭᠠᠰᠤᠨ ᠤ ᠳ᠋ᠦᠩ ᠭᠸᠤ ᠲᠣᠰᠬᠤᠨ ᠤ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠤᠬᠠᠢ  ᠶᠢᠨ ᠲᠠᠯᠠᠪᠠᠢ ᠳᠤ᠂ ᠮᠠᠰᠢᠨ ᠮᠧᠬᠠᠨᠢᠭ ᠬᠦᠷᠴᠢᠭᠢᠨᠡᠨ ᠳᠤᠤᠭᠠᠷᠴᠤ᠂ ᠤᠬᠤᠭᠤᠷ ᠮᠠᠰᠢᠨ ᠶᠠᠭ ᠭᠤᠤ ᠰᠤᠪᠠᠭ ᠢᠶᠠᠷ ᠬᠥᠲᠥᠯ ᠢ ᠣᠭᠲᠣᠯᠬᠤ ᠠᠵᠢᠯ ᠬᠢᠵᠦ᠂ ᠠᠵᠢᠯᠴᠢᠳ ᠶᠠᠭ ᠲᠣᠣᠷ ᠲᠠᠲᠠᠵᠤ᠂ ᠴᠢᠯᠠᠭᠤ ᠳᠡᠪᠢᠰᠦᠨ᠂ ᠴᠢᠯᠠᠭᠤᠨ ᠰᠢᠩᠭᠡᠯᠢᠭ ᠤᠨ ᠬᠥᠨᠳᠡᠢ ᠶᠢᠨ ᠭᠡᠷ ᠪᠠᠷᠢᠬᠤ ᠠᠵᠢᠯ ᠬᠢᠵᠦ ᠪᠠᠶᠢᠯ᠎ᠠ᠃ ᠬᠥᠮᠦᠨ ᠮᠠᠰᠢᠨ ᠵᠡᠷᠭᠡ ᠪᠠᠷ ᠤᠷᠤᠭᠰᠢᠯᠠᠵᠤ᠂ ᠶᠠᠭᠠᠷᠠᠯᠲᠠᠶ ᠪᠠᠶᠢᠨ᠎ᠠ᠃    ︽ᠮᠠᠨ ᠤ ᠤᠳᠤ ᠶᠢᠨ ᠲᠦᠷᠦᠯ ᠵᠦᠢᠯ ᠪᠣᠯ ᠳ᠋ᠦᠩ ᠭᠸᠤ ᠵᠢᠵᠢᠭ ᠰᠠᠪᠠ ᠭᠠᠵᠠᠷ ᠪᠣᠯᠤᠨ᠎ᠠ᠂ 1300 ᠮᠧᠲᠷ  ᠤᠨ ᠡᠷᠭᠢ ᠶᠢ ᠬᠠᠮᠠᠭᠠᠯᠠᠬᠤ ᠳᠤ ᠬᠤᠯᠪᠣᠭᠳᠠᠨ᠎ᠠ᠂ ᠪᠠᠰᠠ 233 ᠭᠦᠳᠦᠭᠡᠷ ᠬᠠᠰᠢᠯᠭ᠎ᠠ ᠪᠤᠢ᠃ ᠡᠭᠦᠨ ᠳᠤ ᠭᠦᠳᠦᠭᠡᠷ ᠬᠠᠰᠢᠯᠭ᠎ᠠ ᠶᠢᠨ ᠲᠤᠭ᠎ᠠ 193 ᠶᠢ ᠪᠡᠶᠡᠯᠡᠭᠦᠯᠵᠦ᠂ ᠪᠠᠰᠠ 40 ᠶᠢ ᠨᠢ ᠪᠡᠶᠡᠯᠡᠭᠦᠯᠦᠭᠡᠳᠦᠶ ᠪᠠᠶᠢᠨ᠎ᠠ᠃ ᠬᠥᠷᠥᠰᠥ ᠰᠢᠷᠣᠶ ᠶᠢᠨ ᠢᠳᠡᠭᠳᠡᠯ ᠢ ᠤᠯᠠᠮ ᠨᠢᠭᠡ ᠠᠯᠬᠤᠮ ᠰᠡᠷᠭᠡᠶᠢᠯᠡᠬᠦ ᠶᠢᠨ ᠲᠥᠯᠥᠭᠡ᠂ ᠪᠢᠳᠡ ᠵᠠᠯᠭᠠᠭᠠᠳ ᠪᠠᠰᠠ ᠬᠥᠲᠥᠯ ᠳᠡᠭᠡᠷ᠎ᠡ ᠡᠪᠡᠰᠦ ᠳᠠᠷᠢᠬᠤ ᠪᠠ ᠭᠤᠤ ᠶᠢᠨ ᠢᠷᠣᠭᠠᠷ ᠲᠤ ᠮᠣᠳᠣ ᠳᠠᠷᠢᠬᠤ ᠵᠡᠷᠭᠡ ᠲᠥᠰᠦᠯ ᠢ ᠬᠡᠷᠡᠭᠵᠢᠭᠦᠯᠦᠨ᠎ᠡ᠃︾ ᠭᠡᠵᠦ ᠥᠪᠥᠷ ᠮᠣᠩᠭᠤᠯ ᠤᠨ ᠰᠢᠶᠠᠩ ᠰᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠳ᠋ᠦᠩ ᠭᠸᠦ ᠵᠢᠵᠢᠭ ᠰᠠᠪᠠ ᠭᠠᠵᠠᠷ ᠤᠨ ᠲᠥᠷᠥᠯ ᠵᠦᠶᠯ ᠤᠨ ᠮᠡᠷᠭᠡᠵᠢᠯᠲᠡᠨ ᠰᠥᠩ ᠴᠦᠨ ᠾᠧ ᠬᠡᠯᠡᠪᠡ᠃    ᠭᠦᠳᠦᠭᠡᠷ ᠬᠠᠰᠢᠯᠭ᠎ᠠ ᠵᠠᠰᠠᠬᠤ ᠪᠠᠷ ᠳᠡᠮᠵᠢᠨ ᠭᠤᠤ ᠰᠤᠪᠠᠭ ᠤᠨ ᠣᠷᠣ ᠶᠢ ᠪᠦᠲᠦᠮᠵᠢᠲᠡᠶ ᠲᠣᠭᠲᠠᠪᠤᠷᠢᠵᠢᠭᠤᠯᠵᠤ᠂ ᠭᠤᠤ ᠰᠤᠪᠠᠭ ᠤᠨ ᠤᠰᠤᠨ ᠤᠷᠤᠰᠬᠠᠯ ᠤᠨ ᠬᠤᠷᠳᠤᠴᠠ ᠶᠢ ᠪᠠᠭᠠᠰᠬᠠᠨ᠂ ᠳᠣᠤᠷᠠᠳᠤ ᠤᠷᠤᠰᠬᠠᠯ ᠤᠨ ᠠᠭᠤᠯᠠᠨ ᠦᠶᠡᠷ ᠤᠨ ᠬᠥᠨᠥᠭᠡᠯ ᠢ ᠪᠠᠭᠠᠰᠬᠠᠵᠤ᠂ ᠡᠯᠡᠰᠦ ᠰᠢᠪᠠᠷ ᠬᠠᠳᠠᠭᠠᠯᠠᠬᠤ ᠶᠢ ᠬᠤᠷᠢᠭᠯᠠᠵᠤ᠂ ᠭᠤᠤ ᠰᠤᠪᠠᠭ ᠢ ᠬᠡᠰᠡᠭ ᠳᠠᠷᠠᠭᠠᠯᠠᠨ ᠲᠡᠭᠰᠢᠯᠡᠨ᠂ ᠠᠰᠢᠭᠯᠠᠵᠤ ᠪᠣᠯᠬᠤ ᠬᠠᠰᠢᠯᠭ᠎ᠠ ᠶᠢᠨ ᠱᠠᠲᠤᠯᠢᠭ ᠭᠠᠵᠠᠷ ᠢ ᠪᠣᠶ ᠪᠣᠯᠭᠠᠨ᠎ᠠ᠃ ᠲᠦᠴᠢᠦᠸᠠᠨ ᠰᠢᠶᠠᠨ ᠵᠢᠵᠢᠭ ᠰᠠᠪᠠ ᠭᠠᠵᠠᠷ ᠢᠶᠠᠷ ᠨᠢᠭᠡᠴᠢ ᠪᠣᠯᠭᠠᠨ᠂ ︽ᠤᠷᠢᠳᠴᠢᠯᠠᠨ ᠰᠡᠷᠭᠡᠶᠢᠯᠡᠬᠦ  ᠪᠠᠷ ᠭᠤᠤᠯ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠥᠬᠦ ᠲᠠᠯ᠎ᠠ ᠪᠠᠷ ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ᠂ ᠭᠤᠤᠯᠳᠠᠯᠭ᠎ᠠ ᠶᠢ ᠳᠣᠪᠣᠶᠢᠯᠭᠠᠬᠤ︾ ᠬᠥᠷᠥᠰᠥ ᠰᠢᠷᠣᠶ ᠶᠢ ᠬᠠᠮᠠᠭᠠᠯᠠᠬᠤ ᠪᠥᠲᠥᠭᠡᠨ ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠪᠢᠲᠡᠭᠦᠮᠵᠢᠯᠡᠨ ᠪᠣᠶᠢᠵᠢᠭᠤᠯᠬᠤ᠂ ᠨᠠᠯᠠᠤ ᠲᠠᠯ᠎ᠠ  ᠶᠢ ᠬᠠᠰᠢᠵᠤ ᠬᠠᠳᠠᠭᠠᠯᠠᠬᠤ᠂ ᠲᠠᠭᠠᠷᠢᠯᠲᠠ ᠶᠢ ᠰᠡᠷᠭᠡᠶᠢᠯᠡᠵᠦ ᠨᠠᠯᠠᠤ ᠶᠢ ᠬᠠᠮᠠᠭᠠᠯᠠᠬᠤ ᠵᠡᠷᠭᠡ ᠵᠠᠰᠠᠬᠤ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠢ ᠪᠣᠶ ᠪᠣᠯᠭᠠᠵᠤ᠂ ᠲᠥᠷᠥᠯ ᠵᠦᠶᠯ  ᠤᠨ ᠣᠷᠣᠨ ᠤ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠬᠥᠩᠭᠡᠷᠡᠭᠦᠯᠵᠦ᠂ ᠲᠥᠷᠥᠯ ᠵᠦᠶᠯ ᠤᠨ ᠣᠷᠣᠨ  ᠤ ᠢᠳᠡᠭᠳᠡᠮᠡᠯ ᠭᠤᠤ ᠶᠢᠨ ᠬᠥᠭᠵᠢᠯᠲᠡ ᠶᠢ ᠬᠤᠷᠢᠭᠯᠠᠨ᠎ᠠ᠃    ︽2024 ᠣᠨ ᠳᠤ᠂ ᠮᠠᠨ ᠤ ᠰᠢᠶᠠᠨ ᠬᠥᠷᠥᠰᠥ ᠰᠢᠷᠣᠢ ᠶᠢ ᠬᠠᠮᠠᠭᠠᠯᠠᠬᠤ ᠬᠤᠶᠠᠷ ᠲᠦᠷᠦᠯ ᠵᠦᠢᠯ ᠤᠨ ᠢᠨᠵᠧᠨᠧᠷᠢᠩ ᠢ ᠤᠯᠵᠦ᠂ ᠨᠢᠭᠡ ᠨᠢ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ  ᠶᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠨᠦᠬᠦᠭᠡ ᠨᠢ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭ᠎ᠠ ᠲᠠᠢ ᠢᠨᠵᠧᠨᠧᠷᠢᠩ ᠤᠨ ᠵᠢᠵᠢᠭ ᠰᠠᠪᠠ ᠭᠠᠵᠠᠷ ᠤᠨ ᠵᠠᠰᠠᠯᠲᠠ ᠪᠣᠯᠤᠨ᠎ᠠ᠃ ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ᠂ ᠢᠳᠡᠭᠳᠡᠮᠡᠯ ᠭᠤᠤ ᠶᠢ ᠵᠠᠰᠠᠬᠤ ᠪᠠᠷ ᠳᠡᠮᠵᠢᠨ᠂ ᠲᠥᠷᠥᠯ ᠵᠦᠶᠯ ᠤᠨ ᠣᠷᠣᠨ ᠤ ᠳᠣᠲᠣᠷᠠᠬᠢ ᠠᠮᠢ ᠠᠬᠤᠶ ᠶᠢᠨ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠢᠳᠡᠭᠳᠡᠯ ᠤᠨ ᠳᠣᠤᠷᠠᠳᠤ ᠤᠷᠤᠰᠬᠠᠯ ᠳᠤ ᠤᠴᠠᠷᠠᠭᠤᠯᠬᠤ ᠬᠤᠤᠷ ᠬᠥᠨᠥᠭᠡᠯ ᠢ ᠪᠠᠭᠠᠰᠬᠠᠵᠤ᠂ ᠢᠯᠠᠩᠭᠤᠶ᠎ᠠ ᠭᠤᠤᠯ ᠮᠥᠷᠡᠨ ᠳᠤ ᠤᠷᠤᠰᠤᠨ ᠣᠷᠣᠬᠤ ᠡᠯᠡᠰᠦ ᠰᠢᠪᠠᠷ ᠤᠨ ᠠᠭᠤᠯᠤᠭᠳᠠᠴᠠ ᠶᠢ ᠪᠠᠭᠠᠰᠬᠠᠵᠤ᠂ ᠢᠯᠡᠷᠬᠡᠶ ᠤᠰᠤ ᠬᠠᠳᠠᠭᠠᠯᠠᠵᠤ ᠬᠥᠷᠥᠰᠥ ᠰᠢᠷᠣᠶ ᠶᠢ ᠬᠠᠮᠠᠭᠠᠯᠠᠬᠤ ᠦᠶᠯᠡᠳᠦᠯ ᠦᠵᠡᠭᠦᠯᠵᠦ᠂ ᠲᠠᠷᠢᠶᠠᠨ ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ ᠴᠢᠳᠠᠨ᠎ᠠ᠃︾ ᠭᠡᠵᠦ ᠲᠦᠴᠢᠦᠸᠠᠨ ᠰᠢᠶᠠᠨ ᠤ ᠤᠰᠤᠨ ᠠᠰᠢᠭᠯᠠᠯᠲᠠ ᠶᠢᠨ ᠦᠢᠯᠡᠰ  ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠫᠸᠢ ᠶᠠᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号