ᠲᠠᠢ ᠫᠢᠩ ᠰᠢᠶᠠᠩ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/8/1
   ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠳᠣᠲᠣᠨᠣ ᠲᠣᠬᠤᠨᠢᠭᠤᠯᠤᠯ ᠬᠦᠷᠭᠡᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠃ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ ᠲᠠᠢ ᠫᠢᠩ ᠰᠢᠶᠠᠩ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠣᠯᠤᠨ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠲᠠᠢ ᠬᠠᠮᠳᠤᠷᠠᠨ ︽ᠴᠡᠷᠢᠭ ᠠᠷᠠᠳ ᠠᠭᠤᠰᠠᠯᠴᠠᠨ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠵᠦ᠂ ᠵᠠᠰᠠᠭ ᠠᠵᠤ ᠠᠬᠤᠶᠢᠯᠠᠯ ᠬᠠᠮᠲᠤ ᠪᠠᠷ ᠪᠠᠶᠢᠭᠤᠯᠤᠨ ᠠᠵᠤ ᠠᠬᠤᠶ ᠶᠢᠨ ᠴᠡᠴᠡᠭᠯᠡᠯ ᠬᠥᠭᠵᠢᠯ ᠢ ᠠᠬᠢᠭᠤᠯᠬᠤ— ᠲᠠᠢ ᠫᠢᠩ ᠰᠢᠶᠠᠩ ᠤᠨ ︿8.1﹀ ᠤ ᠴᠡᠷᠢᠭ ᠪᠠᠶᠢᠭᠤᠯᠤᠭᠳᠠᠭᠰᠠᠨ ᠪᠠᠶᠠᠷ ᠢ ᠪᠡᠯᠭᠡᠯᠡᠬᠦ︾ ᠠᠵᠢᠯᠯᠠᠭ᠎ᠠ ᠡᠷᠭᠢᠯᠡᠭᠰᠡᠨ ᠪᠥᠭᠡᠳ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠠᠢᠮᠠᠳᠤᠭᠠᠷ ᠲᠣᠪᠴᠢᠶᠠᠨ ᠤ ᠬᠦᠷᠭᠡᠭᠰᠡᠨ ᠬᠠᠯᠠᠮᠵᠢᠯᠠᠯ ᠪᠠ ᠲᠣᠬᠤᠨᠢᠭᠤᠯᠤᠯ ᠤᠨ ᠡᠳ᠋ ᠪᠣᠳᠠᠰ ᠢ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠴᠠᠭ ᠲᠤᠬᠠᠶ ᠳᠤᠨᠢ ᠤᠯᠠᠮᠵᠢᠯᠠᠨ ᠥᠭᠴᠦ᠂ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ ᠬᠠᠮᠲᠤ ᠪᠠᠷ ᠡᠳ᠋ᠯᠡᠭᠦᠯᠦᠭᠰᠡᠨ ᠪᠠᠶᠢᠨ᠎ᠠ᠃
   ᠠᠵᠢᠯᠯᠠᠭ᠎ᠠ ᠨᠢ ᠬᠥᠷ ᠬᠥᠭᠵᠢᠶᠡᠨ ᠲᠠᠢ ᠠᠭᠤᠷ ᠠᠮᠢᠰᠬᠤᠯ ᠤᠨ ᠳᠤᠮᠳᠠ ᠡᠬᠢᠯᠡᠪᠡ᠃ ᠳᠠᠷᠠᠭ᠎ᠠ ᠨᠢ᠂ ᠣᠯᠠᠨ  ᠢᠶᠠᠷ ᠢᠶᠠᠨ ᠪᠡᠶ᠎ᠡ ᠬᠠᠯᠠᠭᠤᠯᠬᠤ ᠬᠥᠳᠡᠯᠭᠡᠭᠡᠨ ᠬᠢᠵᠦ᠂ ᠨᠢᠳᠤᠷᠭ᠎ᠠ ᠵᠠᠩᠭᠢᠳᠴᠤ᠂ ᠲᠠᠪ ᠲᠠᠪ ᠬᠢᠵᠦ᠂ ᠳᠠᠷᠠᠭᠠᠴᠢ ᠶᠢᠨ ᠰᠣᠨᠢᠷᠬᠠᠯᠲᠤ ᠲᠠᠮᠢᠷ ᠤᠨ ᠬᠥᠳᠡᠯᠭᠡᠭᠡᠨ ᠳᠤ ᠭᠦᠢᠴᠡᠳ ᠪᠡᠯᠡᠳᠬᠡᠯ ᠬᠢᠪᠡ᠃
   ᠲᠣᠰ ᠤᠳᠠᠭᠠᠨ ᠤ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠠᠵᠢᠯᠯᠠᠭ᠎ᠠ ᠳᠤ ᠣᠷᠣᠯᠴᠠᠭᠰᠠᠨ ᠬᠥᠮᠦᠰ ᠢ 3 ᠲᠥᠯᠥᠭᠡᠯᠡᠭᠴᠢᠳ ᠤᠨ ᠠᠩᠭᠢ ᠪᠣᠯᠭᠠᠨ ᠬᠤᠪᠢᠶᠠᠵᠤ᠂ ᠴᠢᠯᠠᠭᠤ ᠲᠡᠮᠲᠡᠷᠢᠨ ᠭᠤᠤᠯ ᠭᠠᠲᠤᠯᠬᠤ᠂ ᠵᠢᠶᠤᠤ ᠯᠦᠩ ᠲᠡᠯᠡᠶ ᠳᠤ ᠭᠠᠷᠬᠤ᠂ ᠳᠠᠶᠢᠰᠤᠨ ᠥᠬᠡᠶ ᠭᠠᠯᠲᠤ ᠣᠩᠭᠤᠴᠠ᠂ ᠬᠠᠮᠲᠤ ᠪᠠᠷ ᠳᠡᠭᠡᠰᠦ ᠦᠰᠦᠷᠬᠦ᠂ ᠪᠥᠮᠪᠦᠭᠡ ᠪᠤᠯᠢᠶᠠᠬᠤ ᠶᠡᠭᠡ ᠪᠠᠶᠢᠯᠳᠤᠭᠠᠨ ᠬᠢᠬᠦ᠂ ᠣᠷᠳᠣ ᠵᠠᠮ ᠤᠨ ᠠᠶᠠᠨ ᠲᠡᠶᠢᠨ ᠤ ᠵᠠᠮ ᠢᠶᠠᠷ ᠳᠠᠬᠢᠨ ᠵᠠᠮᠨᠠᠬᠤ᠂ ᠨᠢᠳᠦ ᠪᠠᠨ ᠪᠦᠲᠡᠭᠡᠨ ᠪᠠᠨᠠᠨᠠ ᠢᠳᠡᠬᠦ ᠵᠡᠷᠭᠡ ᠲᠥᠷᠥᠯ ᠵᠦᠶᠯ ᠢ ᠵᠠᠯᠭᠠᠭ᠎ᠠ ᠪᠠᠷ ᠶᠠᠪᠤᠭᠳᠠᠭᠤᠯᠪᠠ᠃ ᠡᠯ᠎ᠡ ᠭᠤᠭᠴᠤᠭ᠎ᠠ ᠳᠤ ᠭᠤᠶᠢᠳᠠ ᠰᠠᠶᠢᠬᠠᠨ ᠶᠠᠪᠤᠭᠳᠠᠵᠤ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠪᠦᠯᠬᠦᠮᠳᠡᠨ ᠰᠡᠳᠬᠢᠯ ᠨᠢᠭᠡᠳᠴᠦ᠂ ᠲᠦᠮᠡᠨ ᠣᠯᠠᠨ ᠢᠶᠠᠷ ᠢᠶᠠᠨ ᠲᠡᠮᠦᠷ ᠬᠡᠷᠡᠮ ᠪᠣᠯᠵᠤ᠂ ᠨᠥᠬᠦᠷᠯᠡᠯ ᠨᠢᠭᠡᠳᠦᠭᠡᠷ ᠤᠷᠤᠯᠳᠤᠭᠠᠨ  ᠬᠤᠶᠠᠳᠤᠭᠠᠷ ᠪᠣᠯᠬᠤ ᠤᠯᠠᠮᠵᠢᠯᠠᠯᠲᠤ ᠷᠢᠳᠢ ᠰᠢᠳᠢ ᠶᠢ ᠤᠯᠠᠮᠵᠢᠯᠠᠨ᠂ ᠢᠯᠠᠩᠭᠤᠶ᠎ᠠ ᠴᠡᠷᠢᠭ ᠤᠨ ᠠᠯᠪᠠᠨ ᠠᠴᠠ ᠪᠠᠭᠤᠭᠰᠠᠳ ᠤᠨ ᠲᠥᠯᠥᠭᠡᠯᠡᠭᠴᠢᠳ ᠤᠨ ᠠᠩᠭᠢ ᠲᠡᠷᠢ ᠲᠡᠭᠰᠢ ᠤᠷᠢᠶ᠎ᠠ ᠬᠠᠰᠬᠢᠷᠴᠤ᠂ ︽ᠴᠡᠷᠢᠭ ᠤᠨ ᠠᠯᠪᠠᠨ ᠠᠴᠠ ᠪᠠᠭᠤᠬᠤ ᠳᠤ ᠵᠣᠷᠢᠭ ᠮᠣᠬᠤᠬᠤ ᠥᠬᠡᠶ᠂ ᠴᠡᠷᠢᠭ ᠤᠨ ᠠᠯᠪᠠᠨ ᠠᠴᠠ ᠪᠠᠭᠤᠬᠤ ᠳᠤ ᠥᠩᠭᠡ ᠬᠤᠪᠢᠷᠠᠬᠤ ᠥᠬᠡᠶ︾ ᠪᠠᠶᠢᠬᠤ ᠮᠥᠨ ᠴᠢᠨᠠᠷ ᠢᠶᠠᠨ ᠪᠠᠳᠠᠷᠠᠭᠤᠯᠵᠤ᠂ ᠬᠤᠷᠴᠠ ᠰᠢᠷᠦᠭᠦᠨ ᠥᠷᠢᠰᠥᠯᠳᠦᠭᠡᠨ ᠳᠤᠮᠳᠠ᠂ ᠴᠡᠷᠢᠭ ᠤᠨ ᠠᠯᠪᠠᠨ  ᠠᠴᠠ ᠪᠠᠭᠤᠭᠰᠠᠳ ᠤᠨ ᠴᠤᠭ ᠵᠢᠪᠬᠤᠭ᠎ᠠ ᠪᠠ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠭᠦᠶᠴᠡᠳ ᠢᠯᠡᠷᠡᠭᠦᠯᠪᠡ᠃
   ᠠᠭᠤᠵᠢᠭᠤ ᠲᠠᠯᠪᠢᠭᠤ ᠠᠭᠤᠷ ᠠᠮᠢᠰᠬᠤᠯ ᠤᠨ ᠳᠤᠮᠳᠠ᠂ ᠲᠣᠰ ᠤᠳᠠᠭᠠᠨ ᠤ ᠠᠵᠢᠯᠯᠠᠭ᠎ᠠ ᠥᠨᠳᠥᠷᠯᠡᠪᠡ᠂ ᠲᠤᠬᠠᠶ ᠶᠢᠨ ᠲᠠᠯᠠᠪᠤᠷ ᠲᠤ ᠪᠠᠶᠢᠭᠰᠠᠨ ᠴᠡᠷᠢᠭ ᠠᠴᠠ ᠬᠠᠯᠠᠭᠳᠠᠭᠰᠠᠳ᠄ ︽ᠬᠤᠶᠢᠰᠢᠳᠠ ᠠᠳᠠᠯᠢ ᠲᠥᠷᠥᠯ ᠤᠨ ᠠᠵᠢᠯᠯᠠᠭ᠎ᠠ ᠶᠢ ᠢᠯᠡᠭᠦᠬᠡᠨ ᠥᠷᠨᠢᠭᠦᠯᠵᠦ᠂ ᠪᠢᠳᠡᠨ ᠳᠤ ᠬᠠᠭᠤᠴᠢᠨ ᠳᠠᠶᠢᠴᠢᠨ ᠨᠥᠬᠦᠳ ᠲᠠᠢ ᠪᠠᠨ ᠰᠠᠨᠠᠯ ᠢᠶᠠᠨ ᠰᠣᠯᠢᠯᠴᠠᠬᠤ ᠵᠠᠪᠰᠢᠶᠠᠨ ᠣᠯᠭᠤᠵᠤ᠂ ᠴᠡᠷᠢᠭ ᠲᠤ ᠣᠷᠣᠬᠤ ᠦᠶ᠎ᠡ ᠶᠢᠨ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠬᠦ ᠶᠢ ᠬᠦᠰᠡᠵᠦ ᠪᠠᠶᠢᠨ᠎ᠠ︾ ᠭᠡᠵᠡᠢ᠃
   ᠵᠠᠯᠭᠠᠭᠠᠳ ᠲᠠᠢ ᠫᠢᠩ ᠰᠢᠶᠠᠩ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ ᠬᠦᠷᠢᠶᠡᠯᠡᠬᠦ︾ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ︽ᠴᠡᠷᠢᠭ ᠠᠷᠠᠳ ᠪᠦᠯᠬᠦᠮᠳᠡᠨ ᠨᠢᠭᠡ ᠬᠡᠷ ᠪᠦᠯᠢ︾ ᠪᠣᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠵᠣᠯ ᠵᠢᠷᠭᠠᠯᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ ᠨᠠᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠣᠯᠤᠨ ᠪᠠᠶᠢᠭᠤᠯᠭ᠎ᠠ  ᠶᠢᠨ ᠺᠠᠳ᠋ᠷ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠢ ᠫᠢᠩ ᠰᠢᠶᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠡᠷᠢᠭ ᠠᠴᠠ ᠬᠠᠯᠠᠭᠳᠠᠭᠰᠠᠳ ᠢᠶᠠᠷ ᠲᠥᠯᠥᠭᠡᠯᠡᠭᠦᠯᠦᠭᠰᠡᠨ ᠪᠦᠯᠬᠦᠮᠳᠡᠨ ᠲᠡᠮᠡᠴᠡᠬᠦ ᠬᠦᠴᠦᠨ ᠢ ᠨᠢᠭᠳᠠᠷᠠᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号