ᠠᠷᠪᠠᠨ ᠲᠠᠪᠤᠳᠤᠭᠠᠷ ᠬᠤᠭᠤᠴᠠᠭᠠᠨ ᠤ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠠᠶᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/1
   ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠢ ᠪᠦᠬᠦᠨ ᠢ ᠪᠡᠶᠡᠯᠡᠭᠦᠯᠵᠦ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠨᠢ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠵᠠᠷᠯᠠᠨ ᠮᠡᠳᠡᠭᠳᠡᠵᠦ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠶᠡᠷᠦᠩᠬᠡᠢ ᠪᠠᠶᠢᠷᠢᠯᠠᠭᠤᠯᠤᠯᠲᠠ ᠬᠢᠵᠡᠢ᠃    ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠰ ᠲᠣᠰ ᠬᠠᠷᠢᠭᠤ ᠲᠤᠰᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠠᠰᠠᠭᠤᠳᠠᠯ ᠢ ᠮᠡᠳᠡᠭᠳᠡᠭᠰᠡᠨ ᠪᠥᠭᠡᠳ ᠤᠳᠤᠷᠢᠳᠬᠤ ᠪᠠᠭ  ᠲᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠵᠠᠢ᠃ ᠲᠣᠭᠤᠷᠢᠨ ᠪᠠᠶᠢᠴᠠᠭᠠᠭᠳᠠᠬᠤ ᠡᠯ᠎ᠡ ᠨᠠᠮ  ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠵᠡᠢ᠃ ᠲᠤᠰ ᠡᠭᠡᠯᠵᠢ  ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠳᠤ ᠪᠠᠰᠠ ᠨᠡᠯᠢᠶᠡᠳ ᠲᠤᠪᠤᠶᠢᠮ᠎ᠠ ᠠᠰᠠᠭᠤᠳᠠᠯ ᠣᠷᠣᠰᠢᠵᠤ ᠪᠠᠶᠢᠨ᠎ᠠ᠄    ᠲᠦᠴᠢᠦᠸᠠᠨ ᠪᠠᠯᠭᠠᠰᠤᠨ ᠤ ᠨᠠᠮ ᠤᠨ ᠬᠤᠷᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠴᠠᠬᠢᠯᠭᠠᠨ ᠬᠤᠳᠳᠤᠭ ᠤᠨ ᠬᠠᠮᠢᠶᠠᠷᠤᠯᠲᠠ ᠬᠠᠮᠠᠭᠠᠯᠠᠯᠲᠠ ᠳᠤᠲᠠᠮᠠᠭ︔ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠳᠤ ᠵᠥᠷᠢᠶ᠎ᠡ ᠲᠠᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠦᠴᠦᠲᠡᠶ ᠠᠷᠭ᠎ᠠ ᠬᠡᠮᠵᠢᠶ᠎ᠡ ᠳᠤᠲᠠᠭᠳᠠᠵᠤ ᠪᠠᠶᠢᠨ᠎ᠠ︔ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ︔ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ ᠳᠤᠲᠠᠭᠳᠠᠯ ᠲᠠᠢ ᠪᠠᠶᠢᠵᠤ᠂ ︽ᠲᠣᠰᠬᠤᠨ ᠤ ᠡᠳ᠋ ᠮᠥᠩᠭᠦ ᠶᠢ ᠪᠠᠯᠭᠠᠰᠤ ᠠᠴᠠ ᠬᠠᠮᠢᠶᠠᠷᠬᠤ︾ ᠠᠰᠠᠭᠤᠳᠠᠯ ᠣᠯᠠᠨ ᠡᠭᠦᠰᠴᠦ ᠪᠠᠶᠢᠨ᠎ᠠ︔ ᠠᠷᠠᠳ ᠲᠦᠮᠡᠨ ᠳᠤ ᠦᠶᠯᠡᠴᠢᠯᠡᠬᠦ ᠤᠬᠠᠮᠰᠠᠷ ᠵᠥᠷᠢᠶ᠎ᠡ ᠲᠠᠢ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠬᠡᠷᠡᠭᠵᠢᠭᠦᠯᠦᠭᠰᠡᠨ ᠢᠶᠠᠷ ᠴᠢᠩᠭ᠎ᠠ ᠪᠤᠰᠤ︔ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠪᠠᠭᠤᠷᠠᠶ ᠭᠤᠭᠴᠤᠭ᠎ᠠ ᠣᠷᠣᠰᠢᠵᠤ ᠪᠠᠶᠢᠨ᠎ᠠ︔ ᠲᠣᠭᠤᠷᠢᠨ ᠪᠠᠶᠢᠴᠠᠭᠠᠬᠤ᠂ ᠬᠢᠨᠠᠨ ᠪᠤᠳᠤᠯᠲᠠ  ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ᠃    ᠯᠢᠦ ᠬᠣ᠋ ᠪᠠᠯᠭᠠᠰᠤᠨ ᠤ ᠨᠠᠮ ᠤᠨ ᠬᠤᠷᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠤ ᠬᠤᠳᠳᠤᠭ ᠤᠨ ᠬᠠᠮᠠᠭᠠᠯᠠᠯᠲᠠ ᠳᠤᠲᠠᠭᠳᠠᠵᠤ ᠪᠠᠶᠢᠨ᠎ᠠ︔ ᠦᠵᠡᠰᠬᠦᠯᠡᠩᠲᠦ  ᠬᠦᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠵᠦᠷᠢᠶᠡᠨ ᠲᠠᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠭᠰᠠᠨ ᠢᠶᠠᠷ ᠨᠢᠭᠲᠠ ᠪᠢᠰᠢ︔ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠴᠢᠩᠭ᠎ᠠ ᠪᠢᠰᠢ︔ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠶᠴᠡᠳᠬᠡᠭᠰᠡᠨ ᠢᠶᠠᠷ ᠬᠦᠷᠦᠯᠴᠡᠬᠦ ᠦᠭᠡᠢ︔ ᠡᠳ᠋  ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠢᠶᠠᠷ ᠴᠢᠩᠭ᠎ᠠ ᠪᠢᠰᠢ︔ ᠠᠵᠢᠯ ᠤᠨ ᠰᠤᠷᠲᠠᠯ ᠳᠤ  ︽ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠳᠠᠯ ᠣᠷᠣᠰᠢᠵᠤ ᠪᠠᠶᠢᠨ᠎ᠠ︔ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠳᠤ ᠠᠶᠤᠯ ᠲᠦᠭᠰᠢᠭᠦᠷᠢ ᠣᠷᠣᠰᠢᠵᠤ ᠪᠠᠶᠢᠨ᠎ᠠ︔ ᠡᠯ᠎ᠡ ᠲᠣᠰᠬᠤᠨ ᠢ ᠵᠢᠯᠣᠭᠤᠳᠤᠨ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠦᠷᠢᠮ ᠢ ᠬᠡᠷᠡᠭᠵᠢᠭᠦᠯᠦᠭᠰᠡᠨ ᠨᠢ ᠪᠣᠳᠠᠲᠠᠶ ᠪᠢᠰᠢ︔ ᠨᠠᠮ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠶᠴᠡᠳ ᠭᠦᠶᠴᠡᠳᠬᠡᠭᠰᠡᠨ ᠦᠭᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ︽ᠠᠭᠤᠵᠢᠭᠤ ᠰᠤᠯᠠ ᠵᠥᠭᠡᠯᠡᠨ︾ ᠪᠠᠶᠢᠨ᠎ᠠ᠃    ᠪᠤᠤ ᠱᠢ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠱᠠᠲᠤᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠲᠡᠶ ᠪᠢᠰᠢ︔ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠤᠭᠰᠠᠨ ᠢᠶᠠᠷ ᠲᠡᠶᠢᠮᠦ ᠰᠢᠭᠤᠳ ᠰᠢᠯᠤᠭᠤᠨ ᠪᠢᠰᠢ︔ ᠲᠦᠭᠰᠢᠭᠦᠷᠢ  ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠳᠤᠲᠠᠭᠤᠳᠠᠯ ᠲᠠᠢ︔ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠶᠴᠡᠳᠬᠡᠭᠰᠡᠨ ᠢᠶᠠᠷ ᠬᠦᠷᠦᠯᠴᠡᠬᠦ ᠥᠬᠡᠶ︔ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠬᠡᠶ︔ ᠠᠵᠢᠯ ᠤᠨ ᠳᠤᠮᠳᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ ᠠᠰᠠᠭᠤᠳᠠᠯ ᠣᠷᠣᠰᠢᠵᠤ ᠪᠠᠶᠢᠨ᠎ᠠ︔ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠭᠰᠡᠨ ᠦᠭᠡᠢ︔ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠬᠡᠷᠡᠭᠵᠢᠭᠦᠯᠦᠭᠰᠡᠨ ᠢᠶᠠᠷ ᠴᠢᠩᠭ᠎ᠠ ᠪᠤᠰᠤ︔ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠪᠠᠭᠤᠷᠠᠶ ᠭᠤᠭᠴᠤᠭ᠎ᠠ ᠣᠷᠣᠰᠢᠵᠤ ᠪᠠᠶᠢᠨ᠎ᠠ︔ ᠬᠢᠨᠠᠵᠤ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠃    ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠭᠰᠠᠨ ᠨᠢ ᠬᠦᠴᠦᠲᠡᠶ ᠪᠢᠰᠢ︔ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ︔ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠲᠡᠶᠢᠮᠦ ᠰᠡᠷᠭᠡᠭ ᠪᠢᠰᠢ︔ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠳᠤ ᠳᠤᠲᠠᠭᠤᠳᠠᠯ ᠣᠷᠣᠰᠢᠵᠤ ᠪᠠᠶᠢᠨ᠎ᠠ︔ ᠠᠵᠢᠯ ᠤᠨ ᠳᠤᠮᠳᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ ᠠᠰᠠᠭᠤᠳᠠᠯ ᠣᠷᠣᠰᠢᠵᠤ ᠪᠠᠶᠢᠨ᠎ᠠ︔ ᠨᠠᠮ ᠤᠨ ᠤᠳᠤᠷᠢᠳᠬᠤ ᠳᠤᠭᠤᠶᠢᠯᠠᠩ  ᠤᠨ ᠤᠳᠤᠷᠢᠳᠬᠤ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠤᠭᠰᠠᠨ ᠦᠭᠡᠢ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ︽ᠨᠢᠭᠡ ᠠᠴᠠ ᠵᠦᠶᠴᠢᠯᠡᠵᠦ ᠨᠥᠭᠦᠭᠡ ᠶᠢ ᠮᠡᠳᠡᠬᠦ︾ ᠪᠠ ᠣᠷᠳᠣ ᠬᠤᠭᠤᠴᠠᠭᠠᠨ ᠤ ᠪᠦᠲᠦᠮᠵᠢᠲᠡᠶ ᠪᠠᠷᠢᠮᠲᠠᠯᠠᠬᠤ ᠶᠢ ᠪᠡᠶᠡᠯᠡᠭᠦᠯᠦᠭᠰᠡᠨ ᠥᠬᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号