ᠰᠠᠶᠢᠨ ᠴᠢᠮᠡᠭᠡ︕ ᠪᠥᠬᠦ ᠣᠷᠣᠨ ᠤ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠬᠠᠮᠲᠤᠷᠠᠨ ︽ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ    ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ 2024 ᠣᠨ ᠤ 7 ᠰᠠᠷ᠎ᠠ ᠶᠢᠨ 1 ᠤ ᠡᠳᠦᠷ ᠠᠴᠠ ᠪᠥᠬᠦ ᠣᠷᠣᠨ ᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠯᠣᠭᠤᠳᠬᠤ ᠪᠠᠷᠢᠮᠵᠢᠶ᠎ᠠ ᠶᠢ ᠴᠥᠮ ᠬᠥᠮᠦᠨ ᠨᠢᠭᠡᠪᠦᠷᠢ ᠰᠠᠷ᠎ᠠ ᠳᠤ 100 ᠲᠥᠭᠦᠷᠢᠭ ᠪᠠᠶᠢᠭᠰᠠᠨ ᠠᠴᠠ ᠨᠢ ᠬᠥᠮᠦᠨ ᠨᠢᠭᠡᠪᠦᠷᠢ ᠰᠠᠷ᠎ᠠ ᠳᠤ 125 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ ︽ᠴᠢᠳᠠᠯ ᠤᠨ ᠬᠢᠷᠢ ᠪᠠᠷ ᠢᠶᠠᠨ ᠬᠢᠬᠦ᠂ ᠴᠢᠳᠠᠯ ᠤᠨ ᠬᠢᠷᠢ ᠪᠠᠷ ᠢᠶᠠᠨ ᠭᠡᠷᠡᠭᠵᠢᠬᠦᠯᠬᠦ︾ ᠵᠠᠷᠴᠢᠮ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠯᠣᠭᠤᠳᠬᠤ ᠪᠠᠷᠢᠮᠵᠢᠶ᠎ᠠ ᠠᠴᠠ ᠳᠣᠣᠷ᠎ᠠ ᠦᠭᠡᠶ ᠪᠠᠷ ᠲᠤᠰ ᠭᠠᠵᠠᠷ ᠣᠷᠣᠨ ᠤ ᠨᠥᠬᠦᠪᠥᠷᠢ ᠶᠢᠨ ᠪᠠᠷᠢᠮᠵᠢᠶ᠎ᠠ ᠪᠠᠨ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠮᠡᠳᠡᠭᠦᠯᠵᠦ᠂ ᠭᠤᠶᠤᠴᠢᠯᠠᠨ ᠠᠪᠬᠤ ᠳᠡᠰ ᠳᠠᠷᠠᠭᠠᠯᠠᠯ ᠪᠠ ᠦᠨᠳᠦᠰᠦᠨ ᠱᠠᠭᠠᠷᠳᠠᠯᠭ᠎ᠠ ᠶᠢ ᠣᠶᠢᠯᠠᠭᠠᠭᠤᠯᠵᠤ᠂ ᠵᠡᠮᠳᠡᠭᠴᠦᠳ ᠢ ᠬᠠᠪᠰᠤᠷᠤᠨ ᠬᠠᠮᠢᠶ᠎ᠠ ᠪᠦᠬᠦᠢ ᠭᠠᠷᠳᠠᠮ ᠢ ᠳᠥᠭᠦᠮ ᠳᠥᠲᠡ ᠭᠦᠢᠴᠡᠳᠬᠡᠯᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号