ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/1
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠠ ᠵᠡᠮᠳᠡᠭᠴᠦᠳ ᠤᠨ ᠬᠤᠯᠪᠤᠭᠠᠲᠤ ᠬᠤᠷᠠᠯ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠭᠠᠳ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠵᠡᠮᠳᠡᠭᠴᠦᠳ ᠲᠤ ᠣᠯᠭᠤᠬᠤ ᠬᠤᠶᠠᠷ ᠵᠦᠢᠯ ᠤᠨ ᠨᠥᠬᠦᠪᠦᠷᠢ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠢᠯᠣᠭᠤᠳᠬᠤ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠦᠨ ᠨᠢᠵᠡᠭᠡᠳ ᠲᠤ ᠰᠠᠷ᠎ᠠ ᠳᠤ 100 ᠲᠥᠭᠦᠷᠢᠭ ᠣᠯᠭᠤᠵᠤ ᠪᠠᠶᠢᠭᠰᠠᠨ ᠠᠴᠠ 125 ᠲᠥᠭᠦᠷᠢᠭ ᠣᠯᠭᠤᠬᠤ ᠪᠠᠷ ᠲᠣᠭᠲᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ 6346 ᠲᠦᠮᠡᠨ ᠲᠥᠭᠦᠷᠢᠭ ᠤᠨ ᠪᠡᠯᠡ ᠮᠥᠩᠭᠦ ᠶᠢ ᠨᠢᠭᠡᠨᠲᠡ ᠪᠦᠬᠦᠨ ᠢᠶᠠᠷ ᠨᠢ ᠳᠣᠷᠣᠭᠰᠢ ᠪᠠᠭᠤᠯᠭᠠᠨ ᠨᠠᠶᠢᠳᠠᠪᠤᠷᠢᠵᠢᠭᠤᠯᠵᠤ᠂ 34.2 ᠲᠦᠮᠡᠨ ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠪᠠ 31 ᠲᠦᠮᠡᠨ ᠬᠦᠨᠳᠦ ᠳᠡᠰ ᠤᠨ ᠵᠡᠮᠳᠡᠭᠴᠦᠳ ᠲᠤ ᠠᠰᠢᠭ ᠬᠦᠷᠲᠡᠭᠡᠪᠡ᠃ ︵ᠠᠷᠠᠳ ᠤᠨ ᠶᠠᠪᠤᠳᠠᠯ ᠤᠨ ᠲᠢᠩᠬᠢᠮ ︶    7 ᠳ᠋ᠤᠭᠠᠷ ᠰᠠᠷ᠎ᠠ ᠶᠢᠨ 29 ᠤ ᠡᠳᠦᠷ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠵᠥᠩ ᠶᠠᠨ ᠰᠢᠩ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠯᠤᠭ᠎ᠠ ᠵᠥᠩ ᠶᠠᠨ ᠰᠢᠩ ᠱᠧᠩ ᠭᠡᠷᠡᠯᠴᠢ ᠴᠡᠨᠡᠭ ᠤᠨ ᠠᠵᠤ ᠦᠢᠯᠡᠰ ᠢ ᠬᠦᠷᠢᠶᠡᠯᠡᠩ ᠳᠤ ᠣᠷᠣᠭᠤᠯᠬᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠵᠢᠯ ᠳᠤ 4GW ᠤᠨ ᠭᠡᠷᠡᠯᠴᠢ ᠴᠡᠨᠡᠭ ᠤᠨ ᠲᠣᠨᠣᠭᠯᠠᠯ᠂ 15 ᠲᠦᠮᠡᠨ ᠲᠣᠨ ᠤ ᠭᠡᠷᠡᠯᠴᠢ ᠴᠡᠨᠡᠭ ᠤᠨ ᠰᠥᠷᠥ᠂ 500 ᠲᠣᠨ ᠤ ᠨᠠᠨᠤ᠋ ᠬᠤᠪᠣᠷ ᠲᠡᠮᠦᠷᠯᠢᠭ ᠤᠨ ᠬᠠᠶᠢᠯᠤᠰᠢ ᠦᠢᠯᠡᠳᠪᠦᠷᠢᠯᠡᠬᠦ ᠲᠥᠷᠥᠯ ᠵᠦᠢᠯ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ︵ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ︶    7 ᠳ᠋ᠤᠭᠠᠷ ᠰᠠᠷ᠎ᠠ ᠶᠢᠨ 29 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠨᠡᠶᠢᠲᠡᠯᠡᠯ ᠢᠶᠠᠷ᠂ ᠪᠥᠬᠦ ᠤᠯᠤᠰ ᠤᠨ 15 ᠬᠤᠲᠠ ᠨᠢᠭᠡ ᠮᠦᠴᠡ ᠶᠢᠨ ᠬᠤᠭᠤᠴᠠᠭ᠎ᠠ ᠲᠠᠢ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠬᠦ ᠬᠡᠪᠴᠢᠶᠡᠨ ᠤ ᠲᠤᠷᠰᠢ ᠲᠦᠯᠬᠢᠨ ᠠᠬᠢᠭᠤᠯᠬᠤ ᠪᠠᠷ ᠪᠣᠯᠣᠭᠰᠠᠨ ᠠᠩᠬᠠᠳᠠᠭᠴᠢ ᠪᠦᠯᠦᠭ ᠤᠨ ᠤᠷᠢᠳ ᠢᠶᠠᠷ ᠬᠡᠷᠡᠭᠵᠢᠭᠦᠯᠬᠦ ᠣᠷᠤᠨ ᠤ ᠲᠤᠷᠰᠢᠯᠲᠠ ᠶᠢᠨ ᠴᠡᠭ ᠢᠶᠠᠷ ᠰᠣᠩᠭᠤᠭᠳᠠᠵᠤ᠂ ᠦᠬᠠᠶ ᠬᠤᠲᠠ ᠨᠢ ᠮᠠᠨ ᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠬᠤᠲᠠ ᠪᠠᠶᠢᠪᠠ᠃ ︵ᠦᠬᠠᠢ ᠬᠤᠳᠠ ᠶᠢᠨ ᠵᠠᠰᠠᠭ ᠤᠨ ᠣᠷᠳᠣᠨ ︶    7 ᠳ᠋ᠤᠭᠠᠷ ᠰᠠᠷ᠎ᠠ ᠶᠢᠨ 30 ᠤ ᠡᠳᠦᠷ᠂ ᠬᠡᠰᠢᠭᠲᠡᠨ ᠬᠤᠰᠢᠭᠤᠨ ᠤ ᠰᠢᠩ ᠯᠦᠩ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠠᠩᠬᠠᠳᠠᠭᠴᠢ ᠰᠠᠤᠷᠢ 10 ᠮᠧᠭ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠳᠡᠭᠦᠵᠢᠯᠡᠨ ᠤᠭᠰᠠᠷᠠᠪᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 9.2 ᠳ᠋ᠦᠩᠰᠢᠭᠤᠷ ᠲᠥᠭᠦᠷᠢᠭ ᠲᠤ ᠬᠦᠷᠴᠦ᠂ ᠥᠨᠦ ᠵᠢᠯ ᠳᠤ ᠰᠦᠯᠵᠢᠶᠡᠨ ᠳᠤ ᠨᠡᠶᠢᠯᠡᠭᠦᠯᠬᠦ ᠪᠠᠷ ᠲᠥᠯᠥᠪᠯᠡᠵᠦ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 5.6 ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠤᠨ᠎ᠠ᠃ ︵ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号