ᠵᠢᠦ ᠯᠦᠩ ᠰᠢᠶᠠᠩ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠶᠢ ᠠᠬᠢᠭᠤᠯᠵᠤ᠂ ᠵᠠᠰᠠᠯᠲᠠ ᠶᠢᠨ ︽ᠬᠥᠳᠡᠯᠭᠡᠬᠦ ᠬᠦᠴᠦᠨ︾ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/8/10
   ᠤᠢᠢᠷ᠎ᠠ ᠶᠢᠨ ᠵᠢᠯ ᠠᠴᠠ᠂ ᠵᠢᠦ ᠯᠦᠩ ᠰᠢᠶᠠᠩ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠢ ᠢᠳᠡᠪᠬᠢᠲᠡᠢ ᠠᠬᠢᠭᠤᠯᠵᠤ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠣᠰᠬᠤᠨ ᠤ ᠱᠠᠲᠤᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ ᠴᠢᠬᠤᠯᠠ ᠶᠡᠭᠡ ᠤᠴᠢᠷ ᠶᠠᠪᠤᠳᠠᠯ ᠳᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠳᠦᠷᠢᠮᠵᠢᠭᠦᠯᠵᠦ᠂ ᠠᠷᠠᠳᠴᠢᠯᠠᠵᠤ᠂ ᠵᠢᠷᠤᠮᠵᠢᠭᠤᠯᠪᠠ᠃
   ᠤᠬᠠᠭᠤᠯᠭ᠎ᠠ ᠶᠢ ᠰᠠᠶᠢᠨ ᠬᠢᠵᠦ᠂ ᠰᠠᠶᠢᠨ ᠳᠠᠭᠤᠨ ᠢ ᠳᠠᠮᠵᠢᠭᠤᠯᠤᠨ᠎ᠠ᠃ ᠵᠢᠦ ᠯᠦᠩ ᠰᠢᠶᠠᠩ ᠡᠯ᠎ᠡ ᠲᠣᠰᠬᠤᠨ  ᠢ ᠳᠠᠶᠢᠴᠢᠯᠠᠨ ᠤᠬᠠᠭᠤᠯᠭ᠎ᠠ ᠶᠢᠨ ᠪᠤᠯᠤᠩ᠂ ᠲᠣᠮᠣ ᠯᠠᠪᠠᠷ᠂ ᠸᠢᠴᠠᠲ ᠤᠨ ᠴᠤᠭᠯᠠᠷᠠᠯ ᠢ ᠠᠰᠢᠭᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠥᠷᠨᠢᠭᠦᠯᠵᠦ᠂ ᠲᠣᠰᠬᠤᠨ ᠤ ᠠᠷᠠᠳ ᠤᠨ ᠲᠠᠰ ᠳᠠᠷᠠᠭᠠᠯᠠᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠲᠣᠰᠬᠤᠨ ᠤ ᠱᠠᠲᠤᠨ ᠤ ᠪᠣᠳᠠᠲᠠᠶ ᠬᠡᠷᠡᠭ ᠶᠠᠪᠤᠳᠠᠯ ᠳᠤ ᠴᠢᠭᠯᠡᠭᠦᠯᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠬᠤ ᠠᠴᠠ ᠡᠮᠦᠨ᠎ᠡ᠂ ᠲᠣᠰᠬᠤᠨ ᠤ ᠠᠷᠠᠳ ᠤᠨ ᠲᠥᠯᠥᠭᠡᠯᠡᠭᠴᠢ ᠬᠤᠪᠢᠶᠠᠨ ᠳᠠᠭᠠᠭᠠᠴᠢᠯᠠᠭᠰᠠᠨ ᠡᠷᠦᠬᠡ ᠪᠠᠨ ᠨᠢᠭᠡᠳ ᠨᠢᠭᠡ ᠪᠠᠷ ᠰᠤᠷᠪᠤᠯᠵᠢᠯᠠᠵᠤ᠂ ᠰᠦᠯᠵᠢᠶ᠎ᠡ ᠪᠠᠷ ᠭᠠᠳᠠᠭᠰᠢ ᠭᠠᠷᠴᠤ ᠬᠦᠴᠦ ᠶᠠᠪᠤᠭᠰᠠᠳ ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ ᠬᠤᠷᠢᠶᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠶᠳᠪᠦᠷᠢᠯᠡᠨ᠎ᠡ᠃ ︽ᠵᠢᠷᠭᠢᠶ᠎ᠡ ᠶᠢᠨ ᠬᠤᠯᠪᠣᠭ᠎ᠠ ᠪᠠᠷ ᠲᠠᠮᠵᠢᠨ᠂ ᠪᠢ ᠴᠠᠭ ᠢᠮᠠᠭᠲᠠ ᠲᠣᠰᠬᠤᠨ  ᠤ ᠶᠡᠭᠡ ᠪᠠᠭ᠎ᠠ ᠶᠠᠪᠤᠳᠠᠯ ᠳᠤ ᠰᠠᠨᠠᠯ ᠢᠶᠠᠨ ᠢᠯᠡᠳᠬᠡᠵᠦ᠂ ᠲᠣᠰᠬᠤᠨ ᠤ ᠶᠠᠪᠤᠳᠠᠯ ᠳᠤ ᠴᠤ ᠵᠥᠪᠯᠡᠯᠭᠡ ᠥᠭᠴᠦ ᠪᠣᠯᠤᠨ᠎ᠠ᠃︾ ᠭᠡᠵᠦ ᠡᠦ ᠵᠢᠶᠠ ᠳ᠋ᠢᠶᠠᠨ ᠲᠣᠰᠬᠤᠨ ᠤ ᠸᠠᠩ ᠯᠸᠢ ᠤᠲᠠᠰᠤ ᠪᠠᠷ ᠬᠡᠯᠡᠪᠡ᠃    ᠲᠣᠭᠲᠠᠴᠠ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠲᠠᠷᠢᠶ᠎ᠠ ᠶᠢ ᠰᠠᠶᠢᠲᠤᠷ ᠬᠠᠮᠢᠶᠠᠷᠬᠤ ᠬᠡᠷᠡᠭᠲᠡᠶ᠃ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠦ ᠯᠦᠩ ᠰᠢᠶᠠᠩ ᠪᠣᠭᠤᠮᠲᠠ ᠶᠢ ᠤᠷᠢᠳᠴᠢᠯᠠᠭᠤᠯᠵᠤ᠂ ᠰᠢᠶᠠᠩ ᠤᠨ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠮᠲᠤᠷᠠᠨ ᠬᠢᠨᠠᠬᠤ ᠲᠣᠭᠲᠠᠴᠠ ᠶᠢ ᠪᠠᠶᠢᠭᠤᠯᠵᠤ᠂ ᠲᠣᠰᠬᠤᠨ ᠤ ᠱᠠᠲᠤᠨ ᠤ ᠳᠠᠩᠰᠠᠯᠠᠭᠤᠯᠤᠭᠰᠠᠨ ᠪᠠᠶᠢᠳᠠᠯ ᠢ ᠦᠨᠳᠦᠰᠦᠯᠡᠨ᠂ ᠬᠡᠷᠡᠭᠵᠢᠭᠦᠯᠬᠦ ᠵᠣᠬᠢᠰ ᠥᠬᠡᠶ ᠵᠦᠶᠯᠡᠰ ᠢ ᠣᠯᠵᠤ ᠮᠡᠳᠡᠪᠡᠯ ᠴᠠᠭ ᠲᠤᠬᠠᠶ ᠳᠤᠨᠢ ᠵᠠᠷᠯᠢᠭᠳᠠᠨ ᠵᠣᠭᠰᠣᠭᠠᠵᠤ᠂ ᠣᠯᠠᠨ ᠲᠦᠮᠡᠨ ᠤ ᠳᠡᠷᠭᠡᠳᠡᠬᠢ ᠵᠢᠵᠢᠭ ᠪᠢᠴᠢᠯ ᠡᠷᠬᠡ ᠶᠢᠨ ᠠᠵᠢᠯᠯᠠᠭᠠᠨ  ᠢ ᠴᠢᠩᠳᠠᠯᠠᠵᠤ᠂ ᠠᠵᠢᠯ ᠤᠨ ᠴᠤᠪᠤᠷᠠᠯ ᠢ ᠨᠠᠷᠢᠯᠢᠬᠵᠢᠭᠤᠯᠤᠨ᠂ ᠵᠠᠷᠯᠠᠨ ᠨᠡᠶᠢᠲᠡᠯᠡᠬᠦ ᠪᠤᠯᠤᠩ᠂ ︽ᠨᠠᠮ ᠣᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠬᠤ︾ ᠸᠢᠴᠠᠲ ᠤᠨ ᠴᠤᠭᠯᠠᠷᠠᠯ ᠪᠠ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠵᠡᠷᠭᠡ ᠪᠠᠷ ᠳᠠᠮᠵᠢᠭᠤᠯᠤᠨ ᠰᠢᠶᠳᠪᠦᠷᠢᠲᠦ ᠪᠣᠳᠣᠯᠭ᠎ᠠ ᠶᠢᠨ ᠵᠦᠶᠯᠡᠰ ᠢ ᠴᠠᠭ ᠲᠤᠬᠠᠶ ᠳᠤᠨᠢ ᠢᠯᠡ ᠪᠣᠯᠭᠠᠵᠤ᠂ ᠰᠢᠶᠳᠪᠦᠷᠢ ᠭᠠᠷᠭᠠᠬᠤ ᠶᠠᠪᠤᠴᠠ ᠪᠠ ᠬᠡᠷᠡᠭᠵᠢᠭᠦᠯᠦᠭᠰᠡᠨ ᠦᠷ᠎ᠡ ᠳ᠋ᠦᠩ ᠢ ᠢᠯᠡ ᠪᠣᠯᠭᠠᠬᠤ ᠶᠢ ᠨᠠᠩ ᠴᠢᠬᠤᠯᠠᠴᠢᠯᠠᠬᠤ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷᠡᠭᠵᠢᠭᠦᠯᠬᠦ ᠶᠠᠪᠤᠴᠠ ᠳᠤ ᠬᠤᠷᠢᠭ᠎ᠠ ᠱᠤᠭᠤᠮ ᠠᠴᠠ ᠳᠠᠪᠠᠭ᠋ᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃    ᠬᠢᠨᠠᠨ ᠬᠠᠮᠢᠶᠠᠷᠬᠤ ᠶᠢ ᠰᠠᠶᠢᠲᠤᠷ ᠬᠢᠵᠦ᠂ ᠰᠠᠶᠢᠨ ᠬᠢᠨᠠᠨ ᠡᠵᠡᠮᠳᠡᠬᠦ ᠳᠠᠷᠤᠭ᠎ᠠ ᠪᠣᠯᠬᠤ ᠬᠡᠷᠡᠭᠲᠡᠶ᠃ ᠰᠢᠶᠠᠩ ᠪᠠᠯᠭᠠᠰᠤ ᠶᠢᠨ ᠨᠠᠮ ᠤᠨ ᠰᠤᠷᠭᠠᠭᠤᠯᠢ ᠳᠤ ᠲᠦᠰᠢᠭᠯᠡᠨ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠪᠠ ᠬᠠᠮᠢᠶ᠎ᠠ ᠪᠥᠬᠦᠶ ᠡᠳ᠋ ᠤᠨ ᠶᠠᠪᠤᠳᠠᠯ ᠤᠨ ᠠᠵᠢᠯᠲᠠᠨ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠲᠣᠰᠬᠤᠨ ᠤ 《 ᠬᠤᠶᠠᠷ ᠵᠥᠪᠯᠡᠯ 》 ᠤᠨ ᠺᠠᠳ᠋ᠷ ᠪᠠ ᠲᠣᠰᠬᠤᠨ ᠤ ᠬᠠᠮᠲᠤ ᠶᠢᠨ ᠰᠢᠶᠳᠪᠦᠷᠢᠲᠦ ᠪᠣᠳᠣᠯᠭ᠎ᠠ ᠶᠢᠨ ᠵᠦᠶᠯᠡᠰ ᠤᠨ ᠰᠢᠨᠵᠢᠯᠡᠬᠦ ᠤᠬᠠᠭᠠᠨᠴᠢ ᠴᠢᠨᠠᠷ᠂ ᠬᠠᠤᠯᠢ ᠶᠣᠰᠣᠴᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠢᠶᠠᠩ ᠤᠨ ᠱᠠᠲᠤᠨ ᠤ ᠡᠯ᠎ᠡ ᠰᠠᠯᠠᠭ᠎ᠠ ᠮᠥᠴᠢᠷ ᠬᠢᠨᠠᠯᠲᠠ ᠲᠠᠯᠪᠢᠨ ᠵᠢᠯᠣᠭᠤᠳᠴᠤ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠳᠡᠰ ᠳᠠᠷᠠᠭᠠᠯᠠᠯ ᠵᠦᠢ ᠵᠣᠬᠢᠰᠲᠠᠶ ᠪᠠᠶᠢᠬᠤ ᠪᠠ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠬᠦ ᠬᠡᠷᠡᠭᠲᠡᠶ᠃ ᠲᠣᠰᠬᠤᠨ ᠤ ᠱᠠᠲᠤᠨ ᠤ ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ ᠵᠥᠪᠯᠡᠯ ᠤᠨ ᠰᠢᠶᠳᠪᠦᠷᠢᠲᠦ ᠪᠣᠳᠣᠯᠭ᠎ᠠ ᠶᠢᠨ ᠵᠦᠶᠯᠡᠰ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ᠂ ᠰᠢᠶᠳᠪᠦᠷᠢ ᠶᠢ ᠬᠡᠷᠡᠭᠵᠢᠭᠦᠯᠬᠦ ᠳᠤ ᠪᠥᠬᠦ ᠲᠠᠯ᠎ᠠ ᠪᠠᠷ ᠬᠢᠨᠠᠯᠲᠠ ᠲᠠᠯᠪᠢᠬᠤ᠂ ᠪᠥᠬᠦ ᠣᠯᠠᠨ ᠲᠦᠮᠡᠨ ᠬᠢᠨᠠᠯᠲᠠ ᠲᠠᠯᠪᠢᠬᠤ ᠳᠤ ᠣᠷᠣᠯᠴᠠᠬᠤ ᠶᠢ ᠴᠢᠩᠭᠠᠳᠬᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠨᠢᠭᠡ ᠱᠠᠲᠤ ᠨᠢ ᠨᠢᠭᠡ ᠱᠠᠲᠤ ᠪᠠᠨ ᠳᠠᠶᠢᠴᠢᠯᠠᠬᠤ᠂ ᠲᠠᠰ ᠲᠠᠰ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号