ᠰᠢᠤᠸᠠᠢ ᠲᠢᠶᠠᠨ ᠰᠢᠶᠠᠩ  ᠬᠠᠪᠰᠤᠷᠤᠯᠴᠠᠭ᠎ᠠ ᠪᠠᠶᠢᠭᠤᠯᠤᠨ ᠬᠥᠭᠵᠢᠯᠲᠡ ᠶᠢ ᠠᠬᠢᠭᠤᠯᠵᠤ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠨ ᠬᠠᠷᠢᠯᠴᠠᠨ ᠲᠡᠭᠡᠭᠰᠢᠯᠡᠨ᠎ᠡ
ᠨᠡᠶᠢᠲᠡᠯᠡᠭᠰᠡᠨ ᠴᠠᠭ᠄
2024/8/10
   ︽ᠲᠠ ᠪᠦᠬᠦᠨ ᠮᠠᠨ ᠤ ᠰᠢᠤᠸᠠᠢ ᠲᠢᠶᠠᠨ ᠰᠢᠶᠠᠩ ᠳᠤ ᠢᠷᠡᠵᠦ ᠬᠠᠮᠲᠤ ᠪᠠᠷ ᠰᠣᠯᠢᠯᠴᠠᠨ ᠰᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠵᠢᠶᠧ ᠹᠠᠩ ᠲᠣᠰᠬᠤᠨ ᠪᠣᠯᠤᠨ ᠠᠭᠤᠢ ᠵᠢᠯᠠᠭ᠎ᠠ ᠭᠠᠴᠠᠭ᠎ᠠ ᠬᠡᠳᠦᠶᠢᠪᠡᠷ ᠬᠥᠷᠰᠢ ᠵᠡᠷᠭᠡᠯᠡᠳᠡᠭᠡ ᠪᠣᠯᠪᠠᠴᠤ᠂ ᠢᠩᠭᠢᠵᠦ ᠨᠢᠭᠤᠷᠳᠠᠨ ᠶᠠᠷᠢᠯᠴᠠᠬᠤ ᠨᠢ ᠠᠩᠬ᠎ᠠ ᠤᠳᠠᠭ᠎ᠠ ᠪᠣᠯᠤᠨ᠎ᠠ︾ ᠭᠡᠵᠦ ᠰᠢᠤᠸᠠᠢ ᠲᠢᠶᠠᠨ ᠰᠢᠶᠠᠩ ᠤᠨ ᠨᠢᠭᠡᠳᠦᠮᠡᠯ ᠹᠷᠣᠨᠲ ᠤᠨ ᠭᠡᠰᠢᠭᠦᠨ ᠪᠦ᠋ ᠾᠧ ᠬᠠᠨ ᠬᠡᠯᠡᠪᠡ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠂ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠴᠢᠨᠠᠭᠰᠢᠳᠠ ᠠᠬᠢᠭᠤᠯᠬᠤ ᠶᠢᠨ ᠲᠦᠯᠦᠭᠡ᠂ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠯᠢᠶᠡᠮᠤᠳᠤ ᠪᠠᠯᠭᠠᠰᠤ ︽ᠬᠠᠪᠰᠤᠷᠤᠯᠴᠠᠭ᠎ᠠ ᠪᠠᠶᠢᠭᠤᠯᠤᠨ ᠬᠥᠭᠵᠢᠯᠲᠡ ᠶᠢ ᠠᠬᠢᠭᠤᠯᠵᠤ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠨ ᠬᠠᠷᠢᠯᠴᠠᠨ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠨ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠤᠸᠠᠢ ᠲᠢᠶᠠᠨ ᠰᠢᠶᠠᠩ ᠤᠨ ᠵᠢᠶᠧ ᠹᠠᠩ ᠲᠣᠰᠬᠤᠨ᠂ ᠱᠧᠩ ᠯᠢ ᠲᠤᠰᠬᠤᠨ᠂ ᠶᠦᠩ ᠫᠢᠩ ᠲᠣᠰᠬᠤᠨ ᠪᠣᠯᠤᠨ ᠲᠦᠯᠢᠶᠡᠮᠤᠳᠤ ᠪᠠᠯᠭᠠᠰᠤᠨ ᠤ ᠠᠭᠤᠶ ᠵᠢᠯᠠᠭ᠎ᠠ ᠭᠠᠴᠠᠭᠠᠨ ᠤ ︽ᠬᠤᠶᠠᠷ ᠵᠥᠪᠯᠡᠯ︾ ᠵᠢᠴᠢ ᠣᠯᠠᠨ ᠲᠦᠮᠡᠨ ᠶᠠᠷᠢᠯᠴᠠᠵᠤ ᠰᠠᠨᠠᠯ ᠢᠶᠠᠨ ᠰᠤᠯᠢᠯᠴᠠᠵᠦ᠂ ᠲᠣᠭᠤᠷᠢᠨ ᠦᠵᠡᠵᠦ ᠰᠤᠷᠤᠯᠴᠠᠬᠤ᠂ ᠦᠵᠡᠭᠳᠡᠯᠲᠦ ᠣᠬᠤᠷ ᠵᠦᠴᠦᠭᠡ ᠶᠢ ᠦᠵᠡᠬᠦ ᠵᠡᠷᠭᠡ ᠬᠡᠯᠪᠡᠷᠢ ᠪᠠᠷ ᠬᠠᠶᠢᠷ᠎ᠠ ᠰᠡᠳᠬᠢᠯᠭᠡ ᠪᠠ ᠨᠥᠬᠦᠷᠯᠡᠯ ᠢ ᠨᠡᠮᠡᠭᠳᠡᠭᠦᠯᠪᠡ᠂ ᠦᠨᠳᠦᠰᠦᠲᠡᠨ  ᠨᠦᠭᠦᠳ ᠤᠨ ᠣᠷᠣᠨ ᠵᠠᠢ᠂ ᠠᠵᠤ ᠠᠬᠤᠢ᠂ ᠰᠣᠶᠣᠯ ᠵᠡᠷᠭᠡ ᠲᠠᠯ᠎ᠠ ᠪᠠᠷ ᠬᠢ ᠬᠠᠪᠰᠤᠷᠤᠯᠴᠠᠨ ᠬᠦᠭᠵᠢᠬᠦ ᠶᠢ ᠲᠦᠯᠬᠢᠨ ᠠᠬᠢᠭᠤᠯᠪᠠ᠃
   ᠣᠷᠣᠨ ᠵᠠᠶ ᠳᠡᠭᠡᠷ᠎ᠡ ᠬᠠᠷᠢᠯᠴᠠᠨ ᠰᠢᠭᠢᠳᠬᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠯ  ᠤᠨ ᠬᠥᠭᠵᠢᠮ ᠢ ᠬᠠᠮᠲᠤ ᠪᠠᠷ ᠬᠥᠭᠵᠢᠮᠳᠡᠨ᠎ᠡ᠃ ᠶᠠᠷᠢᠯᠴᠠᠬᠤ ᠬᠤᠷᠠᠯ ᠳᠡᠭᠡᠷ᠎ᠡ᠂ ᠡᠯ᠎ᠡ ᠨᠠᠮ ᠤᠨ ᠡᠭᠦᠷ ᠠᠴᠠ ᠲᠣᠰ ᠲᠣᠰᠬᠤᠨ ᠤ ᠪᠠᠨ ᠦᠨᠳᠦᠰᠦᠨ ᠪᠠᠶᠢᠳᠠᠯ ᠢ ᠲᠣᠰ ᠲᠣᠰ ᠲᠠᠨᠢᠯᠴᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶᠤᠨ ᠤ ᠪᠣᠯᠪᠠᠰᠤᠨ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠂ ᠳᠠᠷᠠᠭ᠎ᠠ ᠨᠢ᠂ ᠡᠯ᠎ᠡ ᠨᠠᠮ ᠤᠨ ᠡᠭᠦᠷ ᠠᠴᠠ ᠨᠢᠭᠡᠨᠲᠡ ᠭᠠᠷ ᠤᠨ ᠥᠰᠥᠭ ᠵᠢᠷᠤᠭᠰᠠᠨ ︽ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠰᠠᠨᠠᠮᠵᠢ ᠶᠢᠨ ᠪᠢᠴᠢᠭ︾ ᠲᠤ ᠴᠢᠭᠯᠡᠭᠦᠯᠦᠨ ᠨᠠᠷᠢᠨ ᠰᠤᠳᠤᠯᠤᠨ ᠶᠠᠷᠢᠯᠴᠠᠵᠤ᠂ ᠨᠠᠮ ᠤᠨ ᠡᠭᠦᠷ ᠢ ᠬᠠᠮᠲᠤ ᠪᠠᠷ ᠪᠠᠶᠢᠭᠤᠯᠬᠤ ᠬᠠᠷᠠᠯᠲᠠ᠂ ᠠᠭᠤᠯᠭ᠎ᠠ ᠪᠠ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠰᠢᠤᠸᠠᠢ ᠲᠢᠶᠠᠨ ᠰᠢᠶᠠᠩ ᠲᠣᠰ ᠤᠳᠠᠭᠠᠨ ᠤ ᠠᠵᠢᠯᠯᠠᠭ᠎ᠠ ᠪᠠᠷ ᠡᠬᠢᠯᠡᠯᠲᠡ ᠶᠢᠨ ᠴᠡᠭ ᠪᠣᠯᠭᠠᠵᠤ᠂ ᠬᠥᠷᠰᠢ ᠵᠡᠷᠭᠡᠯᠡᠳᠡᠭᠡ ᠲᠣᠰᠬᠤᠨ ᠢ ᠵᠣᠬᠢᠶᠠᠨ ᠪᠠᠶᠢᠭᠤᠯᠵᠤ ︽ᠭᠠᠷ ᠭᠠᠷ ᠢᠶᠠᠨ ᠬᠤᠯᠪᠣᠬᠤ︾᠂ ︽ᠨᠢᠭᠡ ᠬᠡᠷ ᠪᠦᠯᠢ︾ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠮᠢᠳᠤᠷᠠᠯ  ᠤᠨ ᠲᠠᠯ᠎ᠠ ᠪᠠᠷ ᠬᠠᠷᠢᠯᠴᠠᠨ ᠬᠠᠪᠰᠤᠷᠤᠯᠴᠠᠵᠤ᠂ ᠵᠠᠩ ᠳᠠᠳᠬᠠᠯ ᠤᠨ ᠲᠠᠯ᠎ᠠ ᠪᠠᠷ ᠬᠠᠷᠢᠯᠴᠠᠨ ᠬᠦᠨᠳᠦᠳᠬᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣᠴᠢᠯᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠪᠣᠯᠭᠠᠨ᠎ᠠ᠃
   ᠰᠣᠶᠣᠯ ᠤᠨ ᠲᠠᠯ᠎ᠠ ᠪᠠᠷ ᠬᠠᠷᠢᠯᠴᠠᠨ ᠰᠢᠭᠢᠳᠬᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ  ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠢᠭᠤᠯᠤᠨ᠎ᠠ᠃ ᠰᠢᠤᠸᠠᠢ ᠲᠢᠶᠠᠨ ᠰᠢᠶᠠᠩ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠵᠤ ᠰᠢᠤᠸᠠᠢ ᠲᠢᠶᠠᠨ ᠰᠢᠶᠠᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠳᠤ ᠬᠦᠷᠴᠦ ᠲᠣᠭᠤᠷᠢᠨ ᠦᠵᠡᠵᠦ ᠰᠤᠷᠤᠯᠴᠠᠵᠥ᠂ ᠰᠤᠷᠭᠠᠨ ᠬᠥᠮᠦᠵᠢᠯ ᠤᠨ ᠰᠠᠭᠤᠷᠢᠨ ᠤ ᠤᠯᠠᠮᠵᠢᠯᠠᠯᠲᠤ ᠰᠣᠶᠣᠯ᠂ ᠬᠤᠪᠢᠰᠬᠠᠯ  ᠤᠨ ᠰᠣᠶᠣᠯ᠂ ᠴᠢᠬᠡᠴᠢ ᠵᠠᠰᠠᠭ ᠤᠨ ᠰᠣᠶᠣᠯ᠂ ᠲᠠᠷᠢᠶᠠᠯᠠᠬᠤ ᠰᠤᠷᠤᠯᠴᠠᠬᠤ ᠰᠣᠶᠣᠯ ᠵᠡᠷᠭᠡ ᠠᠭᠤᠯᠭ᠎ᠠ ᠶᠢ ᠲᠣᠭᠤᠷᠢᠨ ᠦᠵᠡᠭᠰᠡᠨ ᠪᠥᠭᠡᠳ ᠰᠢᠤᠸᠠᠢ ᠲᠢᠶᠠᠨ ᠰᠢᠶᠠᠩ ᠤᠨ ᠬᠤᠪᠢᠰᠬᠠᠯ ᠤᠨ ᠦᠯᠢᠭᠡᠷ ᠢ ᠤᠩᠭᠤᠨ ᠢ ᠰᠠᠬᠢᠵᠤ ᠪᠠᠶᠢᠭ᠎ᠠ ᠠᠬᠠᠮᠠᠳ ᠪᠠᠶᠢᠯᠳᠤᠭᠴᠢ ᠲᠠᠩ ᠵᠢᠢ ᠰᠢᠶᠠᠩ ᠤᠨ ︽ᠤᠩᠭᠤᠨ ᠢ ᠰᠠᠬᠢᠵᠤ ᠪᠠᠶᠢᠭ᠎ᠠ ᠠᠬᠠᠮᠠᠳ ᠴᠡᠷᠢᠭ︾ ᠭᠡᠬᠦ ᠣᠬᠤᠷ ᠵᠦᠴᠦᠭᠡ ᠶᠢ ᠰᠣᠨᠢᠷᠬᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠭᠠᠵᠠᠷ᠂ ᠶᠣᠰᠣ ᠰᠤᠷᠲᠠᠬᠤᠨ ᠤ ᠶᠠᠷᠢᠶᠠᠨ ᠤ ᠲᠠᠩᠬᠢᠮ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠵᠡᠷᠭᠡ ᠵᠢᠭᠰᠠᠭᠠᠯ ᠤᠨ ᠭᠠᠵᠠᠷ ᠢ ᠠᠰᠢᠭᠯᠠᠵᠤ᠂ ᠨᠡᠶᠢᠭᠡᠮ ᠵᠢᠷᠤᠮ  ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠣᠶᠢᠯᠠᠭᠠᠭᠳᠠᠬᠤᠨ ᠢ ᠤᠯᠠᠮᠵᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ ᠶᠢ ᠦᠨᠡᠨ ᠬᠦ ᠴᠢᠩᠭᠠᠳᠬᠠᠵᠤ᠂ ᠵᠢᠷᠭᠠᠯ ᠵᠣᠪᠠᠯᠠᠩ  ᠢᠶᠠᠨ ᠬᠠᠮᠲᠤᠳᠬᠠᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃
   ︽ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠢ ᠠᠭᠤᠢ ᠵᠢᠯᠠᠭ᠎ᠠ ᠭᠠᠴᠠᠭᠠᠨ ᠤ ᠲᠣᠰᠬᠤᠨ ᠤ ᠪᠠᠶᠢᠳᠠᠯ  ᠤᠨ ᠲᠣᠶᠢᠮᠣ ᠪᠠᠶᠢᠳᠠᠯ᠂ ᠵᠠᠩ ᠦᠶᠯᠡ ᠶᠢᠨ ᠳᠦᠷᠰᠦ ᠪᠠᠶᠢᠳᠠᠯ ᠤᠨ ᠲᠤᠬᠠᠶ ᠵᠣᠬᠢᠬᠤ ᠣᠶᠢᠯᠠᠭᠠᠯᠲᠠ ᠲᠠᠢ ᠪᠣᠯᠵᠣ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠬᠥᠮᠦᠰ ᠤᠨ ᠰᠡᠳᠬᠢᠯ ᠪᠠ ᠬᠦᠴᠦᠨ ᠴᠢᠳᠠᠯ  ᠢ ᠨᠢᠭᠲᠠᠷᠠᠭᠤᠯᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠪᠦᠯᠬᠦᠮᠳᠡᠬᠦ ᠲᠠᠯ᠎ᠠ ᠪᠠᠷ ᠴᠤ ᠡᠷᠬᠢᠮ ᠨᠠᠨᠳᠢᠨ ᠲᠤᠷᠰᠢᠯᠭ᠎ᠠ ᠶᠢ ᠰᠤᠷᠤᠯᠴᠠᠵᠤ᠂ ᠲᠣᠰ ᠲᠣᠰᠬᠤᠨ ᠤ ᠪᠠᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃︾ ᠭᠡᠵᠦ ᠰᠢᠤᠸᠠᠢ ᠲᠢᠶᠠᠨ ᠰᠢᠶᠠᠩ ᠤᠨ ᠵᠢᠶᠧ ᠹᠠᠩ ᠲᠣᠰᠬᠤᠨ ᠤ ᠨᠠᠮ ᠤᠨ ᠡᠭᠦᠷ ᠤᠨ ᠱᠦᠵᠢ ᠬᠤᠸᠠᠩ ᠶᠢᠨ ᠯᠦᠩ ᠬᠡᠯᠡᠪᠡ᠃    ᠲᠠᠷᠠᠭᠠᠴᠢ ᠶᠢᠨ ᠠᠯᠬᠤᠮ ᠳᠤ ᠰᠢᠤᠸᠠᠢ ᠲᠢᠶᠠᠨ ᠰᠢᠶᠠᠩ ᠬᠥᠷᠰᠢ ᠵᠡᠷᠭᠡᠯᠡᠳᠡᠭᠡ ᠠᠶᠢᠯ ᠲᠣᠰᠬᠤᠨ ᠤ ᠨᠡᠪᠲᠡᠷᠡᠯᠴᠡᠭᠡ ᠬᠠᠷᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠶᠢ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠤᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ ᠲᠠᠷᠢᠵᠤ ᠲᠡᠵᠢᠭᠡᠬᠦ ᠮᠡᠷᠭᠡᠵᠢᠯ ᠤᠨ ᠰᠣᠯᠢᠯᠴᠠᠭᠠᠨ ᠤ ᠠᠵᠢᠯᠯᠠᠭ᠎ᠠ ᠵᠢᠴᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭ᠎ᠠ ᠵᠡᠷᠭᠡ  ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠳᠤᠮᠳᠠ ᠦᠨᠳᠦᠰᠦᠲᠡᠨ  ᠨᠦᠭᠦᠳ ᠤᠨ ᠤᠯᠠᠨ ᠲᠦᠮᠡᠨ ᠳᠤ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠰᠢᠭ ᠬᠦᠷᠲᠡᠭᠡᠨ᠎ᠡ᠃ ᠡᠭᠦᠨ  ᠤ ᠬᠠᠮᠲᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ  ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠭᠡᠵᠦ᠂ ᠡᠯ᠎ᠡ ᠳᠤᠭᠤᠶᠢᠯᠠᠩ ᠤᠨ ᠣᠯᠠᠨ ᠲᠦᠮᠡᠨ ᠤ ᠥᠷᠭᠡᠨ ᠢᠶᠠᠷ ᠶᠠᠪᠤᠯᠴᠠᠬᠤ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号