ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/10
   ᠮᠠᠨ ᠤ ᠣᠷᠣᠨ ︽ᠬᠥᠮᠦᠨ᠂ ᠰᠠᠭᠤᠴᠠ᠂ ᠭᠠᠵᠠᠷ᠂ ᠮᠦᠩᠭᠦ︾ ᠳᠥᠷᠪᠡᠨ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠵᠦ ᠪᠣᠢ᠃ ︽ᠬᠥᠮᠦᠨ︾ ᠤ ᠲᠠᠯ᠎ᠠ ᠪᠠᠷ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠲᠠᠯ᠎ᠠ ᠶᠢᠨ ᠱᠠᠲᠤᠴᠢ ᠴᠢᠨᠠᠷᠲᠠᠶ ᠬᠦᠴᠢᠷᠲᠡᠯᠲᠡᠢ ᠠᠰᠠᠭᠤᠳᠠᠯ ᠢ ᠴᠢᠩᠭ᠎ᠠ ᠠᠩᠬᠠᠷᠤᠨ᠎ᠠ᠃ ᠪᠠᠲᠤᠯᠠᠭ᠎ᠠ ᠶᠢᠨ ᠡᠲᠡᠭᠡᠳ ᠤᠨ ᠬᠡᠪᠴᠢᠶ᠎ᠡ ᠶᠢ ᠵᠣᠬᠢᠰᠲᠠᠶ ᠵᠠᠭᠠᠭᠯᠠᠨ ᠲᠣᠭᠲᠠᠭᠠᠵᠤ᠂ ᠪᠠᠲᠤᠯᠠᠭ᠎ᠠ ᠶᠢᠨ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠵᠤ᠂ ᠨᠥᠬᠦᠴᠡᠯ ᠳᠤ ᠨᠡᠶᠢᠴᠡᠭᠰᠡᠳ ᠢ ᠴᠠᠭ ᠲᠤᠬᠠᠶ ᠳᠤ ᠨᠢ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ᠃ ︽ᠰᠠᠭᠤᠴᠠ︾ ᠶᠢᠨ ᠲᠠᠯ᠎ᠠ ᠪᠠᠷ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠨ ᠬᠠᠮᠢᠶᠠᠷᠬᠤ ᠪᠦᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ︽ᠭᠠᠵᠠᠷ︾ ᠤᠨ ᠲᠠᠯ᠎ᠠ ᠪᠠᠷ᠂ ᠦᠯᠡᠳᠡᠭᠡᠯ ᠡᠬᠢ ᠪᠠᠶᠠᠯᠢᠭ ᠢ ᠠᠮᠢᠳᠤᠯᠢᠭᠵᠢᠭᠤᠯᠬᠤ ᠪᠠᠷ ᠭᠤᠤᠯ ᠪᠣᠯᠭᠠᠨ᠂ ᠣᠯᠠᠨ ᠲᠠᠯ᠎ᠠ ᠶᠢᠨ ᠭᠤᠤᠯ ᠴᠣᠭᠴᠠ ᠶᠢᠨ ᠣᠷᠣᠯᠴᠠᠬᠤ ᠶᠢ ᠬᠥᠲᠥᠯᠦᠨ ᠵᠢᠯᠣᠭᠤᠳᠴᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠰᠢᠨᠡᠳᠭᠡᠬᠦ᠂ ᠡᠭᠡᠭᠦᠯᠦᠨ ᠬᠤᠳᠠᠯᠳᠤᠵᠤ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠰᠤᠯᠠ ᠲᠠᠯᠪᠢᠭᠳᠠᠵᠤ ᠪᠠᠶᠢᠬᠤ ᠭᠠᠵᠠᠷ ᠰᠢᠷᠣᠶ ᠵᠢᠴᠢ ᠬᠡᠷ ᠪᠠᠶᠢᠰᠢᠩ ᠢ ᠭᠦᠢᠴᠡᠳ ᠠᠰᠢᠭᠯᠠᠨ᠂ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠬᠠᠩᠭᠠᠯᠭ᠎ᠠ ᠶᠢᠨ ᠭᠠᠵᠠᠷ ᠢ ᠵᠣᠬᠢᠰᠲᠠᠶ ᠠᠰᠢᠭᠯᠠᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ ᠪᠥᠲᠥᠭᠡᠨ ᠪᠠᠶᠢᠭᠤᠯᠤᠨ᠎ᠠ᠃ ︽ᠮᠦᠩᠭᠦᠨ︾ ᠤ ᠲᠠᠯ᠎ᠠ ᠪᠠᠷ᠂ ᠭᠠᠵᠠᠷ ᠰᠢᠷᠣᠶ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠨᠥᠬᠦᠪᠥᠷᠢ ᠶᠢᠨ ᠪᠠᠯᠠ ᠮᠥᠩᠭᠦ᠂ ᠲᠤᠰᠬᠠᠶ ᠵᠢᠭᠡᠯᠡᠯᠭᠡ ᠶᠢᠨ ᠲᠡᠮᠳᠡᠭᠲᠦ ᠪᠠ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠨᠡ ᠵᠢᠯ ᠪᠥᠬᠦ ᠣᠷᠣᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ 16933 ᠢᠵᠢ ︵ᠲᠠᠰᠤᠭ︶ ᠴᠤᠭᠯᠠᠭᠤᠯᠵᠤ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 12230 ᠢᠵᠢ ︵ᠲᠠᠰᠤᠭ︶ ᠶᠢ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 72.2 % ᠲᠤ ᠬᠦᠷᠪᠡ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号