ᠶᠡᠷᠦᠩᠬᠡᠢ ᠱᠦᠵᠢ ᠶᠢᠨ ᠠᠷᠠᠳ ᠲᠦᠮᠡᠨᠴᠢ ᠰᠡᠳᠬᠢᠯᠭᠡ᠄ ︽ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠢᠯᠡᠳᠡᠭᠡᠶ᠎ᠡ ︾
ᠨᠡᠶᠢᠲᠡᠯᠡᠭᠰᠡᠨ ᠴᠠᠭ᠄
2024/8/10
  ᠰᠢᠷ᠎ᠠ ᠲᠠᠩᠭᠢᠰ ᠤᠨ ᠬᠥᠪᠡᠭᠡᠨ᠎ᠡ᠂ ᠱᠠᠨᠳᠦ᠋ᠩ ᠤᠨ ᠿᠢ ᠵᠤᠤ ᠳᠤ᠂ ᠪᠠᠷᠤᠭ 28 ᠺᠢᠯᠣᠮᠧᠳ᠋ᠷ ᠤᠷᠲᠤ ᠳᠠᠯᠠᠢ ᠶᠢᠨ ᠡᠷᠭᠢ ᠶᠢᠨ ᠨᠣᠭᠤᠭᠠᠨ ᠵᠠᠮ ᠡᠮᠦᠨ᠎ᠡ ᠤᠮᠠᠷ᠎ᠠ ᠶᠢ ᠰᠤᠨᠳᠠᠯᠠᠨ᠎ᠠ᠃ ︽ᠠᠮᠢ ᠠᠬᠤᠶ ᠣᠷᠴᠢᠨ ᠲᠣᠭᠤᠷᠢᠨ ᠢ ᠰᠠᠶᠢᠨ ᠪᠠᠶᠢᠯᠭᠠᠬᠤ ᠠᠷᠠᠳ ᠣᠯᠠᠨ ᠳᠤ ᠵᠢᠩᠬᠢᠨᠢ ᠵᠣᠯ ᠵᠢᠷᠭᠠᠯ ᠢ ᠨᠡᠮᠡᠭᠳᠡᠭᠦᠯᠦᠭᠰᠡᠨ ᠳᠤ ᠲᠣᠭᠠᠴᠠᠨ᠎ᠠ᠃ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠵᠤ ᠬᠠᠮᠠᠭᠠᠯᠠᠬᠤ ᠳᠤ ᠬᠠᠮᠲᠤ ᠪᠠᠷ ᠣᠷᠣᠯᠴᠠᠵᠠᠭᠠᠶ᠎ᠠ᠃ ︾ ᠡᠨᠡ ᠵᠢᠯ ᠤᠨ 5 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠬᠤ ᠳᠤ ᠪᠠᠨ ᠢᠩᠭᠢᠵᠦ ᠴᠢᠬᠤᠯᠠᠴᠢᠯᠠᠪᠠ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ᠲᠣᠭᠲᠠᠭᠠᠯ ︾ ᠳᠤ᠄ ︽ᠡᠷᠬᠡᠪᠰᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ ᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠢ ︾ ᠭᠡᠵᠦ ᠳᠤᠷᠠᠳᠴᠠᠢ᠃    ᠡᠨᠡ ᠪᠣᠯ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠠᠬᠤᠢ ᠳᠤ ᠪᠢᠴᠢᠭᠳᠡᠭᠰᠡᠨ ᠦᠵᠡᠰᠬᠦᠯᠡᠩᠲᠦ ᠰᠠᠶᠢᠬᠠᠨ ᠬᠠᠷᠢᠭᠤᠯᠲᠠ —  ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠭᠰᠠᠨ ᠦᠨᠳᠦᠰᠦᠨ ᠶᠡᠭᠡ ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ᠂ ᠡᠷᠴᠢᠮ ᠪᠠ ᠪᠦᠲᠦᠮᠵᠢ ᠶᠢᠨ ᠭᠤᠷᠮᠤᠰᠤᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠶᠡᠭᠡ ᠲᠦᠪᠰᠢᠨ ᠳᠤ ᠬᠦᠷᠭᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠨᠤᠯ ᠪᠠ ᠦᠢᠯᠡᠳᠦᠯᠭᠡ ᠨᠢ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃ ︾ ︽ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠲᠩᠷᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ ᠪᠣᠯᠵᠤ᠂ ᠲᠦᠮᠡᠨ ᠭᠠᠵᠠᠷ ᠢ ᠰᠤᠨᠳᠠᠯᠠᠭᠰᠠᠨ ᠠᠭᠤᠯᠠ ᠭᠤᠣᠯ ᠨᠢ ᠨᠡᠩ ᠭᠤᠶᠣ ᠪᠣᠯᠵᠠᠢ᠃ ︾    ᠡᠨᠡ ᠪᠣᠯ ᠢᠷᠡᠭᠡᠳᠦᠢ ᠳᠤ ᠬᠠᠨᠳᠤᠭᠤᠯᠤᠭᠰᠠᠨ ᠲᠥᠪ ᠴᠢᠩᠭ᠎ᠠ ᠲᠤᠩᠬᠠᠭ —   ︽ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ᠋ᠢᠴᠡ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢ ᠬᠠᠮᠠᠭᠠᠯᠠᠨ ᠥᠨᠵᠢᠭᠦᠯᠦᠨ ᠰᠡᠷᠭᠦᠭᠡᠬᠦ ᠶᠢᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠤᠰᠤ ᠪᠣᠯᠭᠠᠬᠤ ᠵᠠᠮ ᠢ ᠥᠷᠭᠡᠳᠬᠡᠵᠦ᠂ ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠢᠯᠡᠳᠡᠭᠡᠶ᠎ᠡ᠃ ︾     ᠣᠳᠣᠬᠠᠨ ᠳᠤ ᠪᠠᠨ ᠰᠠᠭᠤᠷᠢᠯᠠᠭᠰᠠᠨ ᠮᠥᠷᠲᠡᠭᠡᠨ ᠢᠷᠡᠭᠡᠳᠦᠢ ᠪᠠᠨ ᠴᠦ ᠲᠥᠯᠥᠪᠯᠡᠵᠡᠭᠡᠶ᠎ᠡ᠃    ᠤᠳᠠᠭ᠎ᠠ ᠪᠦᠷᠢ ᠶᠢᠨ ᠰᠢᠨᠵᠢᠯᠡᠨ ᠪᠠᠶᠢᠴᠠᠭᠠᠯᠲᠠ ᠪᠣᠯᠣᠨ ᠴᠢᠬᠤᠯᠠ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠠᠯᠤᠰ ᠤᠨ ᠪᠣᠳᠣᠯᠭ᠎ᠠ ᠭᠠᠷᠭᠠᠪᠠ᠃   ︽ᠤᠢ ᠰᠢᠭᠤᠢ ᠶᠢ ᠪᠢᠳᠡ ᠡᠪᠦᠭᠡ ᠳᠡᠭᠡᠳᠦᠰ ᠠᠴᠠ ᠪᠠᠨ ᠵᠠᠯᠭᠠᠮᠵᠢᠯᠠᠭᠰᠠᠨ ᠶᠤᠮ᠂ ᠦᠷ᠎ᠡ ᠬᠤᠶᠢᠴᠢᠰ ᠲᠤ ᠪᠠᠨ ᠤᠯᠠᠮᠵᠢᠯᠠᠬᠤ ᠨᠢ ᠠᠯᠢᠨ ᠳᠤ ᠨᠢ ᠴᠤ ᠣᠰᠣᠯᠳᠠᠮᠠᠷ ᠦᠭᠡᠢ ᠶᠠᠮᠤᠨ᠃ ︾ ᠭᠡᠵᠦ 2014 ᠣᠨ ᠤ 12 ᠳ᠋ᠤᠭᠠᠷ ᠰᠠᠷ᠎ᠠ ᠶᠢᠨ 25 ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠶᠡᠷᠦᠩᠬᠡᠢ ᠱᠦᠵᠢ ᠰᠢ ᠶᠢᠨ ᠫᠢᠩ ᠰᠡᠳᠬᠢᠯ ᠬᠦᠨᠳᠦ ᠪᠠᠷ ᠶᠠᠷᠢᠪᠠ᠃   ︽ᠪᠠᠶᠢᠭᠠᠯᠢᠯᠢᠭ ᠣᠢ ᠰᠢᠭᠤᠢ ᠪᠣᠯᠭᠠᠨ ᠢ ᠬᠠᠮᠠᠭᠠᠯᠠᠶ᠎ᠠ ︾᠃ ᠥᠩᠭᠡᠷᠡᠭᠰᠡᠨ ᠤ ︽ᠮᠣᠳᠣ ᠣᠭᠲᠣᠯᠤᠭᠴᠢ ︾ ᠰᠦᠬᠡ ᠪᠠᠨ ᠬᠠᠶᠠᠵᠤ᠂ ᠣᠳᠣ ︽ᠮᠣᠳᠣ ᠬᠠᠮᠠᠭᠠᠯᠠᠭᠴᠢ ︾ ᠪᠣᠯᠵᠤ᠂ ᠰᠢᠨ᠎ᠡ ᠴᠠᠭ ᠦᠶ᠎ᠡ ᠠᠴᠠ ᠨᠠᠭᠠᠰᠢ ᠪᠦᠬᠦ ᠤᠯᠤᠰ ᠤᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 2.39 ᠵᠠᠭᠤᠨ ᠤ ᠴᠡᠭ ᠢᠶᠠᠷ ᠳᠡᠭᠡᠭᠰᠢᠯᠡᠵᠡᠢ᠃   ︽ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠮᠠᠨ ᠤ ᠡᠨᠡ ᠦᠶ᠎ᠡ ᠶᠢᠨ ᠬᠢᠨ ᠤ ᠭᠠᠷ ᠲᠤ ᠦᠷᠭᠦᠯᠵᠢᠯᠡᠨ ᠮᠠᠭᠤᠳᠠᠬᠤ ᠶᠢ ᠶᠠᠭᠠᠬᠢᠭᠰᠠᠨ ᠴᠤ ᠬᠦᠯᠢᠶᠡᠬᠦ ᠦᠭᠡᠢ᠂ ᠦᠷ᠎ᠡ ᠬᠤᠶᠢᠴᠢᠰ ᠲᠤ ᠪᠠᠨ ᠴᠡᠩᠭᠡᠭ ᠰᠠᠶᠢᠬᠠᠨ ᠬᠥᠬᠡᠮᠥ᠋ᠷᠡᠨ ᠦᠯᠡᠳᠡᠭᠡᠬᠦ ᠬᠡᠷᠡᠭᠲᠡᠢ ︕︾ ᠭᠡᠵᠦ ᠬᠤᠨᠠᠨ ᠤ ᠶᠤᠸᠠᠢ ᠶᠠᠩ ᠳᠤ ᠰᠢᠨᠵᠢᠯᠡᠨ ᠪᠠᠶᠢᠴᠠᠭᠠᠬᠤ ᠳᠤ ᠪᠠᠨ ᠶᠡᠷᠦᠩᠬᠡᠢ ᠱᠦᠵᠢ ᠰᠢ ᠶᠢᠨ ᠫᠢᠩ ᠡᠷᠡᠰ ᠴᠢᠩᠭ᠎ᠠ ᠬᠡᠯᠡᠪᠡ᠃   ︽ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠯᠲᠡ ᠶᠢ ᠬᠢᠬᠦ ᠦᠭᠡᠢ ︾᠃ ᠮᠥᠷᠡᠨ ᠳᠠᠭᠠᠤ ᠮᠤᠵᠢ ᠶᠢᠨ ᠬᠢᠨ ᠤ ᠪᠣᠬᠢᠷᠲᠤᠯ ᠢ ᠵᠠᠰᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠷᠭᠢ ᠶᠢᠨ ᠱᠤᠭᠤᠮ ᠢ ᠵᠠᠰᠠᠨ ᠰᠡᠷᠭᠦᠭᠡᠵᠦ᠂ ᠵᠢᠭᠠᠰᠤ ᠠᠩᠨᠠᠬᠤ ᠶᠢ ᠠᠷᠪᠠᠨ ᠵᠢᠯ ᠢᠶᠠᠷ ᠴᠠᠭᠠᠵᠠᠯᠠᠭᠰᠠᠨ ᠢᠶᠠᠷ ︽ᠬᠦᠨᠳᠦ ᠡᠪᠡᠳᠴᠢᠯᠡᠭᠡᠳ ᠪᠠᠶᠢᠭᠰᠠᠨ ︾ ᠳᠤᠮᠳᠠᠳᠤ ᠶᠢᠨ ᠦᠨᠳᠦᠰᠦᠲᠡᠨ ᠤ ᠡᠵᠢ ᠭᠤᠤᠯ ᠤᠨ ᠴᠡᠩᠭᠡᠭ ᠤᠰᠤ ᠨᠢ ᠣᠳᠣ ᠵᠡᠭᠦᠨᠰᠢ ᠤᠷᠤᠰᠤᠭᠰᠠᠨ ᠰᠢᠨ᠎ᠡ ᠳᠦᠷᠰᠦ ᠪᠠᠶᠢᠳᠠᠯ ᠢᠶᠠᠨ ᠬᠠᠷᠠᠭᠤᠯᠵᠤ ᠪᠠᠶᠢᠨ᠎ᠠ᠃  ︽ᠤᠯᠤᠰ ᠤᠨ ᠶᠡᠭᠡ ᠶᠠᠪᠤᠳᠠᠯ ︾ ᠢ ᠪᠤᠳᠤᠵᠤ᠂ ᠲᠦᠮᠡᠨ ᠠᠷᠠᠳ ᠲᠠᠢ ᠰᠡᠳᠬᠢᠯ ᠬᠤᠯᠪᠣᠨᠠᠮ᠃  ᠪᠣᠳᠣᠯᠬᠢᠯᠠᠵᠤ ᠪᠠᠶᠢᠬᠤ ᠨᠢ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ᠂ ᠲᠥᠯᠥᠪᠯᠡᠵᠦ ᠪᠠᠶᠢᠬᠤ ᠨᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠰᠦᠨ ᠶᠡᠭᠡ ᠪᠤᠳᠤᠯᠭ᠎ᠠ᠂ ᠪᠠᠷᠠᠭᠠᠯᠠᠵᠤ ᠪᠠᠶᠢᠬᠤ ᠨᠢ ᠬᠥᠬᠡᠮᠳᠦᠭ ᠨᠣᠭᠤᠭᠠᠨ ᠠᠭᠤᠯᠠ ᠤᠰᠤ ᠥᠨᠢᠳᠡ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠪᠣᠯᠣᠨ᠎ᠠ᠃  ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ᠂ ᠬᠠᠮᠤᠭ ᠤᠨ ᠴᠢᠩᠭ᠎ᠠ ᠲᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ ᠠᠭᠤᠯᠠ ᠤᠰᠤ ᠡᠪᠡᠰᠦ ᠮᠣᠳᠣ ᠪᠠᠨ ᠬᠠᠮᠠᠭᠠᠯᠠᠬᠤ ᠬᠡᠷᠡᠭᠲᠡᠢ᠃   ᠴᠢ ᠯᠢᠶᠠᠨ ᠱᠠᠨ ᠠᠭᠤᠯᠠᠨ ᠤ ᠡᠮᠦᠨ᠎ᠡ ᠬᠤᠷᠮᠣᠢ ᠳᠠᠬᠢ ᠬᠥᠬᠡᠨᠠᠭᠤᠷ ᠤᠨ ᠮᠦ ᠯᠢ ᠠᠭᠤᠷᠬᠠᠢ ᠶᠢᠨ ᠣᠷᠣᠨ ᠤ ᠡᠪᠡᠰᠦ ᠨᠢ ᠡᠬᠡ ᠭᠠᠵᠠᠷ ᠤᠨ ᠰᠢᠷᠬ᠎ᠠ ᠶᠢ ᠠᠨᠠᠭᠠᠵᠤ ᠪᠣᠢ᠃ ᠡᠨᠡ ᠨᠤᠲᠤᠭ ᠢ ᠤᠤᠯ ᠨᠢ ᠬᠠᠤᠯᠢ ᠪᠤᠰᠤ ᠪᠠᠷ ᠮᠠᠯᠲᠠᠭᠰᠠᠨ ᠠᠴᠠ ᠠᠮᠢ ᠠᠬᠤᠢ ᠨᠢ ᠬᠦᠨᠳᠦ ᠨᠣᠴᠢᠲᠠᠢ ᠡᠪᠳᠡᠭᠳᠡᠪᠡ᠃ ︽ᠮᠦ ᠯᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠡᠭᠦᠯ ᠦᠯᠡᠳᠡᠭᠡᠯ ᠦᠭᠡᠢ ᠪᠠᠷ ᠪᠥᠬᠦᠨ ᠢ ᠬᠢᠵᠦ ᠳᠠᠭᠤᠰᠬᠠᠨ᠂ ᠬᠠᠷᠠᠮᠰᠠᠯ ᠦᠯᠡᠳᠡᠭᠡᠬᠦ ᠦᠭᠡᠢ ︾ ︽ᠬᠤᠶᠢᠰᠢᠳᠠ ᠡᠶᠢᠮᠦᠷᠬᠦᠦ ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠬᠠᠰᠢ ᠶᠠᠰᠢ ᠣᠷᠬᠢᠵᠤ ᠪᠣᠯᠬᠤ ᠦᠭᠡᠢ ︾ ᠁ ᠭᠡᠵᠦ ᠶᠡᠷᠦᠩᠬᠡᠢ ᠱᠦᠵᠢ ᠰᠢ ᠶᠢᠨ ᠫᠢᠩ ᠣᠯᠠᠨᠲᠠ ᠴᠢᠬᠤᠯᠠ ᠵᠢᠭᠠᠪᠤᠷᠢ ᠴᠤᠬᠤᠯᠠᠪᠤᠷᠢ ᠦᠭᠴᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠵᠢᠴᠢ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯᠯᠠᠬᠤ ᠳᠤᠭᠤᠶᠢᠯᠠᠩ ᠪᠠᠶᠢᠭᠤᠯᠵᠤ᠂ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠯᠤᠭ᠎ᠠ ᠬᠠᠮᠲᠤᠷᠠᠨ ᠪᠠᠶᠢᠴᠠᠭᠠᠵᠤ᠂ ᠶᠡᠷᠦᠩᠬᠡᠶᠢᠯᠡᠨ ᠴᠡᠭᠴᠡᠯᠡᠨ ᠵᠠᠰᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠲᠠᠬᠢᠨ ᠪᠦᠲᠦᠭᠡᠪᠡ᠃   ᠠᠮᠢ ᠠᠬᠤᠢ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠭᠰᠡᠨ ᠬᠡᠷᠡᠭ ᠢ ︽ᠢᠯᠡᠷᠡᠭᠦᠯᠬᠦ ᠳᠤ ᠯᠡ ᠬᠥᠷᠪᠡᠯ ᠡᠴᠦᠰ ᠲᠤ ᠨᠢ ᠲᠤᠯᠲᠠᠯ᠎ᠠ ᠠᠳᠬᠤᠶ᠎ᠠ ︾᠃ ᠶᠡᠷᠦᠩᠬᠡᠶ ᠱᠦᠵᠢ ᠰᠢ ᠶᠢᠨ ᠫᠢᠩ᠄  ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠬᠡᠴᠢᠨᠡᠭᠡᠨ ᠣᠯᠠᠨ ᠠᠯᠲᠠ ᠮᠥᠩᠭᠦ ᠣᠯᠬᠤ ᠶᠠᠪᠤᠳᠠᠯ ᠪᠢᠰᠢ᠂ ᠬᠠᠷᠢᠨ ᠲᠡᠦᠬᠡ᠂ ᠦᠷ᠎ᠡ ᠬᠤᠶᠢᠴᠢᠰ ᠤᠨ ᠢᠶᠠᠨ ᠲᠥᠯᠥᠭᠡ ᠬᠢᠭᠰᠡᠨ ᠠᠵᠢᠯ ᠪᠣᠯᠣᠨ᠎ᠠ ︾ ᠭᠡᠵᠦ ᠲᠡᠭᠦᠨ ᠤ ᠳᠣᠲᠣᠷᠠᠬᠢ ᠦᠨᠡᠨ ᠤᠳᠬ᠎ᠠ ᠶᠢ ᠨᠢ ᠥᠭᠦᠯᠡᠪᠡ᠃   ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ ᠥᠭᠬᠦ ᠳᠤ᠂ ᠥᠷᠭᠡᠨ ᠤᠯᠠᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭ᠎ᠠ᠂ ᠪᠦᠲᠦᠭᠡᠯᠴᠢ ᠴᠢᠨᠠᠷ ᠢ ᠨᠢ ᠭᠦᠢᠴᠡᠳ ᠳᠠᠶᠢᠴᠢᠯᠠᠬᠤ ᠬᠡᠷᠡᠭᠲᠡᠢ᠃   ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ᠂ ᠠᠮᠢ ᠠᠬᠤᠢ ᠶᠢᠨ ᠰᠣᠶᠣᠯ ᠢ ᠪᠤᠶᠢᠵᠢᠭᠤᠯᠤᠨ ᠪᠠᠳᠠᠷᠠᠭᠤᠯᠬᠤ ᠶᠢ ᠮᠠᠰᠢ ᠴᠢᠬᠤᠯᠠᠴᠢᠯᠠᠪᠠ᠃ ᠪᠦᠬᠦ ᠨᠡᠶᠢᠭᠡᠮ ᠢᠶᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠰᠡᠨ ᠣᠨᠣᠯᠵᠢᠬᠤᠨ ᠢ ᠪᠠᠲᠤᠳᠬᠠᠨ ᠦᠢᠯᠡᠳᠦᠯᠭᠡᠵᠢᠭᠦᠯᠬᠦ ᠨᠢ ᠵᠧᠵᠢᠶᠠᠩ ᠢ ᠠᠮᠢ ᠠᠬᠤᠢ ᠶᠢᠨ ᠮᠤᠵᠢ ᠪᠣᠯᠭᠠᠨ ᠪᠦᠳᠦᠭᠡᠨ ᠪᠠᠶᠢᠭᠤᠯᠬᠤ ᠶᠢᠨ ᠥᠨᠢᠳᠡ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠪᠠ᠃   ᠰᠢᠨ᠎ᠡ ᠴᠠᠭ ᠦᠶ᠎ᠡ ᠳᠤ ᠣᠷᠣᠭᠠᠳ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ 12 ᠵᠢᠯ ᠳᠠᠷᠠᠭᠠᠯᠠᠭᠠᠳ ᠲᠥᠷᠥᠭᠦᠯᠵᠦ ᠣᠷᠣᠯᠴᠠᠪᠠ᠃ ᠡᠨᠡ ᠵᠢᠯ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠤ ᠪᠠᠨ᠂ ᠶᠡᠷᠦᠩᠬᠡᠢ ᠱᠦᠵᠢ ᠤᠯᠠᠨ ᠳᠤ ︽ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭᠠᠨ ᠡᠯᠴᠢ᠂ ᠠᠮᠢ ᠠᠬᠤᠢ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠡᠭᠡᠶ᠎ᠡ ︾ ᠭᠡᠵᠦ ᠤᠷᠢᠶᠠᠯᠠᠪᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠬᠥᠮᠦᠨ ᠪᠦᠬᠦᠨ ᠬᠠᠮᠵᠢᠯᠴᠠᠭᠰᠠᠨ᠂ ᠳᠡᠮᠵᠢᠭᠰᠡᠨ᠂ ᠣᠷᠣᠯᠴᠠᠭᠰᠠᠨ ᠨᠡᠶᠢᠭᠡᠮ ᠤᠨ ᠠᠭᠤᠷ ᠠᠮᠢᠰᠬᠤᠯ ᠠᠯᠬᠤᠮ ᠠᠯᠬᠤᠮ ᠢᠶᠠᠷ ᠪᠤᠢ ᠪᠣᠯᠪᠠ᠃   ᠦᠷ᠎ᠡ ᠬᠤᠶᠢᠴᠢᠰ ᠲᠤ ᠪᠠᠨ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠦᠯᠡᠳᠡᠭᠡᠵᠦ ᠂ ᠴᠢᠨᠠᠷ ᠰᠠᠶᠢᠲᠠᠢ ᠬᠥᠭᠵᠢᠯᠲᠡ ᠶᠢᠨ ᠨᠣᠭᠤᠭᠠᠷᠠᠭᠤᠯᠤᠯᠲᠠ ᠶᠢ ᠤᠯᠠᠮ ᠵᠤᠵᠠᠭᠠᠯᠠᠬᠤ ᠬᠡᠷᠡᠭᠲᠡᠢ᠃    ᠪᠢᠲᠠ ᠣᠲᠣᠭᠢᠴᠢᠯᠠᠬᠰᠠᠨ ᠣᠯᠣᠰ ᠢ ᠪᠦᠲᠦᠭᠡᠨ ᠪᠠᠶᠢᠭᠤᠯᠬᠤ ᠳᠤ ᠠᠮᠧᠷᠢᠺᠠ ᠡᠸᠦ᠋ᠷᠦᠫᠡ ᠶᠢᠨ ᠬᠠᠭᠤᠴᠢᠨ ᠵᠠᠮ ᠢᠶᠠᠷ ᠵᠠᠮᠨᠠᠵᠤ ᠪᠣᠯᠬᠤ ᠦᠭᠡᠢ᠂ ᠡᠰᠡ ᠲᠡᠭᠡᠪᠡᠯ ᠬᠡᠲᠣᠠ ᠲᠠᠯᠠᠭᠡᠢ ᠶᠢᠨ ᠪᠥᠮᠪᠥᠷᠴᠡᠭ ᠪᠠᠶᠢᠭᠰᠠᠨ ᠴᠤ ᠪᠦᠷᠢᠯᠭᠡᠬᠦ ᠶᠢ ᠳᠠᠭᠠᠭᠠᠬᠤ ᠦᠭᠡᠢ᠃ ︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠪᠣᠬᠢᠷᠲᠤᠯ ᠦᠭᠡᠢ ᠬᠥᠭᠵᠢᠯᠲᠡ ᠶᠢᠨ ᠵᠠᠮ ᠳᠠᠬᠢ ᠪᠣᠳᠣᠯᠬᠢᠯᠠᠯ ᠨᠢ ᠮᠠᠰᠢ ᠭᠦᠨᠵᠡᠭᠡᠢ ᠪᠠᠶᠢᠯ᠎ᠠ᠃    ᠬᠥᠭᠵᠢᠯᠲᠡ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠶᠤᠮ᠃ ᠪᠣᠬᠢᠷᠲᠤᠯ ᠦᠭᠡᠢ ᠨᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠳᠡᠪᠢᠰᠬᠡᠷ ᠥᠩᠭᠡ ᠪᠣᠯᠣᠨ᠎ᠠ᠃     ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢᠶᠠᠨ ᠪᠦᠳᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠭᠠᠷᠭᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠠᠵᠤ ᠠᠬᠤᠢ ᠶᠢ ᠨᠡᠮᠡᠭᠳᠡᠭᠦᠯᠬᠦ ᠯᠦᠭᠡ ᠬᠠᠮᠵᠢᠯᠴᠠᠨ ᠠᠬᠢᠭᠤᠯᠬᠤ ᠁ ᠶᠡᠷᠦᠩᠬᠡᠢ ᠱᠦᠵᠢ ᠰᠢ ᠶᠢᠨ ᠫᠢᠩ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠬᠦᠳᠦᠯᠦᠨ ᠳᠠᠭᠠᠭᠤᠯᠪᠠ᠃     ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠲᠠᠷᠠᠰᠢ ᠦᠭᠡᠢ ᠵᠢᠳᠬᠦᠨ᠎ᠡ᠃ ᠲᠦᠮᠡᠨ ᠭᠠᠵᠠᠷ ᠤᠨ ᠠᠭᠤᠯᠠ ᠭᠤᠣᠯ ᠨᠡᠩ ᠦᠵᠡᠰᠬᠦᠯᠡᠩᠲᠦ ᠰᠠᠶᠢᠬᠠᠨ ᠪᠣᠯᠵᠤ᠂ ᠪᠢᠳᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ ᠭᠠᠶᠢᠬᠠᠮᠰᠢᠭ᠂ ᠪᠣᠬᠢᠷᠲᠤᠯ ᠦᠭᠡᠢ ᠬᠥᠭᠵᠢᠯᠲᠡ ᠶᠢᠨ ᠭᠠᠶᠢᠬᠠᠮᠰᠢᠭ ᠢ ᠡᠭᠦᠳᠪᠡ᠃   ᠨᠢᠳᠤᠨᠤᠨ ᠤ ᠪᠦᠬᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠄ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠤᠰᠤ ᠮᠥᠨ ᠭᠡᠬᠦ ᠣᠨᠣᠯᠵᠢᠬᠤᠨ ᠤ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠭᠡᠰᠡᠨ ᠶᠡᠭᠡ ᠶᠠᠪᠤᠳᠠᠯ ᠢ ᠰᠠᠶᠢᠲᠤᠷ ᠬᠢᠬᠦ ᠳᠤ ᠪᠢᠳᠡ ᠠᠭᠤᠯᠠ ᠨᠢ ᠰᠠᠶᠢᠬᠠᠨ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠦᠷᠭᠦᠯᠵᠢᠯᠡᠨ ᠪᠦᠲᠦᠭᠡᠵᠦ᠂ ᠠᠷᠠᠳ ᠲᠦᠮᠡᠨ ᠳᠤ ᠪᠠᠨ ᠪᠤᠶᠠᠨ ᠦᠢᠯᠡᠳᠴᠦ᠂ ᠦᠷ᠎ᠡ ᠬᠤᠶᠢᠴᠢᠰ ᠲᠤ ᠪᠠᠨ ᠬᠡᠰᠢᠭ ᠬᠦᠷᠲᠡᠭᠡᠶ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号