ᠯᠢᠦ ᠬᠣ᠋ ᠪᠠᠯᠭᠠᠰᠤ ︽ᠭᠤᠷᠪᠠ ᠶᠢ ᠵᠠᠰᠠᠬᠤ︾ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠶᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2024/8/12
   ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠲᠤᠯᠭᠠᠮ᠎ᠠ ᠬᠡᠷᠡᠭᠴᠡᠭᠡ ᠳᠤ ᠨᠡᠶᠢᠴᠡᠭᠦᠯᠬᠦ ᠶᠢᠨ ᠲᠥᠯᠥᠭᠡ᠂ ᠯᠢᠦ ᠬᠣ᠋  ᠪᠠᠯᠭᠠᠰᠤᠨ ᠤ ᠬᠢᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠳᠠ ᠪᠣᠯᠭᠠᠵᠤ᠂ ︽ᠬᠠᠤᠯᠢ ᠪᠠᠷ ᠵᠠᠰᠠᠬᠤ︾ ᠢᠶᠠᠷ ᠪᠠᠲᠤᠯᠠᠭ᠎ᠠ ᠪᠣᠯᠭᠠᠬᠤ᠂ ︽ᠶᠣᠰᠣ ᠰᠤᠷᠲᠠᠬᠤᠨ ᠢᠶᠠᠷ ᠵᠠᠰᠠᠬᠤ︾ ᠪᠠᠷ ᠬᠥᠮᠦᠰ ᠤᠨ ᠰᠡᠳᠬᠢᠯ ᠢ ᠤᠮᠳᠠᠯᠠᠬᠤ᠂ ︽ᠥᠪᠡᠷᠲᠡᠭᠡᠨ ᠵᠠᠰᠠᠬᠤ︾ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ︽ᠭᠤᠷᠪᠠ ᠶᠢ ᠵᠠᠰᠠᠬᠤ ᠶᠢᠨ ᠠᠭᠤᠰᠤᠯᠴᠠᠯ︾ ᠤᠨ ᠦᠨᠳᠦᠰᠦᠨ ᠱᠠᠲᠤᠨ  ᠤ ᠵᠠᠰᠠᠯᠲᠠ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠤ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠳᠦᠷᠰᠦ ᠶᠢ ᠠᠯᠬᠤᠮ ᠠᠯᠬᠤᠮ ᠢᠶᠠᠷ ᠳᠡᠯᠭᠡᠨ ᠦᠵᠡᠭᠦᠯᠪᠡ᠃
   ᠥᠪᠡᠷᠲᠡᠭᠡᠨ ᠵᠠᠰᠠᠬᠤ ᠪᠠᠷ ᠭᠤᠣᠯ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠵᠠᠭᠪᠤᠷ︾  ᠢ ᠪᠠᠶᠢᠭᠤᠯᠤᠨ᠎ᠠ᠃ ︽ᠨᠢᠭᠡ ᠲᠥᠪ︾ ᠢ ᠪᠠᠶᠢᠭᠤᠯᠤᠨ᠎ᠠ᠃ ᠪᠠᠯᠭᠠᠰᠤᠨ ᠤ ᠠᠮᠤᠷ ᠠᠮᠤᠭᠤᠯᠠᠩ ᠤᠨ ᠪᠠᠶᠢᠭᠤᠯᠤᠯᠲᠠ  ᠶᠢᠨ ᠠᠯᠪᠠᠨ ᠬᠡᠷ ᠢᠶᠠᠷ ᠶᠡᠷᠦᠩᠬᠡᠶ ᠵᠢᠭᠰᠠᠭᠠᠯ ᠤᠨ ᠭᠠᠵᠠᠷ ᠪᠣᠯᠭᠠᠵᠤ᠂ ︽ᠨᠢᠭᠡ ᠲᠥᠪ︾ ᠢᠶᠠᠷ ᠠᠰᠠᠭᠤᠳᠠᠯ ᠢ ᠳᠣᠭᠢᠷᠠᠭᠤᠯᠤᠨ ᠰᠢᠶᠳᠪᠦᠷᠢᠯᠡᠬᠦ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ︽ᠨᠢᠭᠡ ᠲᠤᠤᠷ︾ ᠶᠢᠨ ᠰᠦᠪᠡᠭᠴᠢ ᠶᠢ ᠪᠠᠶᠢᠴᠠᠭᠠᠨ ᠵᠢᠭᠰᠠᠭᠠᠬᠤ ᠴᠢᠳᠠᠪᠤᠷᠢ ᠶᠢ ᠴᠢᠩᠭᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠢᠯᠡᠷᠡᠭᠦᠯᠦᠨ᠂ ᠪᠦᠲᠦᠮᠵᠢᠲᠡᠶ ᠰᠢᠶᠳᠪᠦᠷᠢᠯᠡᠨ᠎ᠡ᠃ ︽ᠨᠢᠭᠡ ᠡᠩᠨᠡᠭᠡ︾ ᠴᠤᠭᠯᠠᠭᠤᠯᠬᠤ᠃ ᠨᠤᠲᠤᠭ ᠤᠨ ᠡᠷᠳᠡᠮᠲᠡᠨ᠂ ᠲᠠᠪᠤᠨ ᠠᠬᠠᠮᠠᠳ᠂ ᠪᠠᠶᠠᠵᠢᠯ ᠤᠨ ᠳᠠᠭᠠᠭᠤᠯᠤᠭᠴᠢ ᠵᠡᠷᠭᠡ ᠶᠢ ᠴᠤᠭᠯᠠᠭᠤᠯᠤᠨ ᠲᠣᠰᠬᠤᠨ ᠤ ᠱᠠᠲᠤᠨ ᠤ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠤᠨ ᠴᠢᠬᠤᠯᠠ ᠶᠡᠭᠡ ᠤᠴᠢᠷ ᠶᠠᠪᠤᠳᠠᠯ ᠤᠨ ᠰᠢᠶᠳᠪᠦᠷᠢᠲᠦ ᠪᠣᠳᠣᠯᠭ᠎ᠠ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠡᠭᠡᠨ ᠦᠶᠯᠡᠴᠢᠯᠡᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠬᠥᠲᠥᠯᠥᠨ ᠵᠢᠯᠣᠭᠤᠳᠴᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠬᠠᠮᠲᠤ ᠪᠠᠷ ᠴᠣᠭᠴᠠᠯᠠᠨ᠎ᠠ᠃ ︽ᠣᠯᠠᠨ ᠵᠦᠶᠯ ᠤᠨ ᠠᠵᠢᠯᠯᠠᠭ᠎ᠠ︾ ᠥᠷᠨᠢᠭᠦᠯᠦᠨ᠎ᠡ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠦᠶᠯᠡᠳᠦᠯ ᠢ ᠳᠣᠪᠣᠶᠢᠯᠭᠠᠵᠤ᠂ ᠭᠠᠯ ᠰᠡᠷᠭᠡᠶᠢᠯᠡᠯᠲᠡ  ᠶᠢᠨ ᠠᠮᠤᠷ ᠲᠦᠪᠰᠢᠨ᠂ ᠵᠥᠷᠢᠴᠡᠯ ᠵᠢᠭᠤᠷᠠᠭᠠᠨ ᠢ ᠡᠭᠦᠳᠡ ᠡᠷᠦᠬᠡ ᠳᠤᠨᠢ ᠣᠷᠣᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠬᠦᠴᠦᠨ ᠢ ᠭᠦᠶᠴᠡᠳ ᠳᠠᠶᠢᠴᠢᠯᠠᠵᠤ᠂ ᠪᠠᠯᠭᠠᠰᠤᠨ ᠤ ᠨᠠᠮ ᠤᠨ ᠬᠤᠷᠢᠶ᠎ᠠ ᠠᠴᠠ ᠭᠤᠤᠯᠯᠠᠨ ᠤᠳᠤᠷᠢᠳᠬᠤ᠂ ᠲᠣᠰᠬᠤᠨ ᠤ ᠨᠠᠮ ᠤᠨ ᠡᠭᠦᠷ ᠠᠴᠠ ᠭᠤᠤᠯᠯᠠᠨ ᠠᠳᠬᠤᠬᠤ᠂ ᠲᠣᠰᠬᠤᠨ ᠤ ᠠᠷᠠᠳ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠭᠦᠶᠴᠡᠳ ᠢᠯᠡᠷᠡᠭᠦᠯᠦᠨ᠎ᠡ
   ᠶᠣᠰᠣ ᠰᠤᠷᠲᠠᠬᠤᠨ ᠢᠶᠠᠷ ᠵᠠᠰᠠᠬᠤ ᠪᠠᠷ ᠰᠠᠭᠤᠷᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠬᠡᠪ ᠰᠤᠷᠲᠠᠯ︾ ᠢ ᠪᠤᠢ ᠪᠤᠯᠭᠠᠨ᠎ᠠ᠃ ᠦᠨᠳᠦᠰᠦᠨ ᠱᠠᠲᠤᠨ ᠤ ᠳᠠᠭᠠᠭᠤᠯᠤᠭᠴᠢ ᠬᠦᠴᠦᠨ ᠢ ᠨᠢᠭᠡᠳᠭᠡᠨ᠎ᠡ᠃ ᠲᠣᠰᠬᠤᠨ ᠤ ᠱᠠᠲᠤᠨ ᠳᠤ ︽ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ︾ ᠶᠢ ᠥᠷᠭᠡᠨ ᠢᠶᠠᠷ ᠬᠥᠮᠦᠵᠢᠭᠦᠯᠵᠦ᠂ ︽ᠬᠠᠤᠯᠢ ᠴᠠᠭᠠᠵᠠ ᠶᠢ ᠮᠡᠳᠡᠬᠦ ᠬᠥᠮᠦᠨ︾ ᠢ ᠬᠥᠮᠦᠵᠢᠭᠦᠯᠵᠦ᠂ ᠵᠢᠱᠢᠶᠡᠴᠢ ᠳᠠᠭᠠᠭᠤᠯᠬᠤ ᠦᠶᠯᠡᠳᠦᠯ ᠢ ᠨᠠᠩ ᠲᠣᠪᠣᠶᠢᠮ᠎ᠠ ᠪᠣᠯᠭᠠᠵᠤ᠂ ᠲᠣᠰᠬᠤᠨ ᠤ ᠱᠠᠲᠤᠨ ᠤ ᠬᠡᠷᠡᠭ ᠶᠠᠪᠤᠳᠠᠯ ᠤᠨ ᠠᠵᠢᠯ ᠢ ᠨᠠᠩ ᠪᠦᠲᠦᠮᠵᠢᠲᠡᠶ ᠠᠬᠢᠭᠤᠯᠤᠨ᠎ᠠ᠃  ︽ᠬᠤᠪᠢ ᠬᠤᠷᠠᠮᠳᠤᠭᠤᠯᠬᠤ ᠳᠦᠷᠢᠮ︾ ᠤᠨ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢ ᠬᠥᠳᠡᠭᠡ ᠲᠣᠰᠬᠤᠨ  ᠤ ᠠᠵᠤ ᠦᠶᠯᠡᠰ ᠤᠨ ᠬᠥᠭᠵᠢᠯᠲᠡ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠪᠣᠯᠪᠠᠰᠤᠨ ᠨᠤᠲᠤᠭ ᠤᠨ ᠰᠤᠷᠲᠠᠯ ᠢ ᠪᠣᠶ ᠪᠣᠯᠭᠠᠬᠤ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠡᠭᠦᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠥᠷᠭᠡᠨ ᠣᠯᠠᠨ ᠲᠦᠮᠡᠨ ᠤ ᠬᠤᠪᠢ ᠬᠤᠷᠠᠮᠳᠤᠭᠤᠯᠬᠤ ᠰᠠᠮᠪᠠᠷ᠎ᠠ ᠶᠢ ︽ᠨᠢᠭᠲᠠ ᠠᠩᠬᠠᠷᠴᠤ︾᠂ ᠰᠤᠷᠤᠯᠴᠠᠬᠤ ᠭᠦᠶᠴᠡᠬᠦ ᠳᠠᠪᠠᠭ᠋ᠤ ᠶᠢ ᠬᠥᠭᠡᠭᠡᠴᠡᠯᠳᠦᠵᠦ᠂ ᠶᠣᠰᠣ ᠰᠤᠷᠲᠠᠬᠤᠨ ᠢᠶᠠᠷ ᠵᠠᠰᠠᠬᠤ ᠪᠣᠯᠪᠠᠰᠤᠨ ᠤ ᠠᠵᠢᠯᠯᠠᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠵᠣᠷᠢᠭᠵᠢᠭᠤᠯᠤᠨ᠎ᠠ᠃ ᠨᠤᠲᠤᠭ ᠤᠨ ᠰᠤᠷᠲᠠᠯ ᠢ ᠪᠣᠯᠪᠠᠰᠤᠨ ᠢᠶᠠᠷ ᠬᠥᠳᠡᠭᠡ ᠲᠣᠰᠬᠤᠨ ᠤ ᠵᠠᠰᠠᠯᠲᠠ ᠳᠤ ᠠᠭᠤᠰᠤᠯᠴᠠᠭᠤᠯᠬᠤ ᠬᠡᠷᠡᠭᠲᠡᠶ᠃ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠵᠦ᠂ ᠲᠣᠰᠬᠤᠨ ᠤ ᠲᠡᠰ ᠤᠨ ᠬᠤᠷᠢᠮ ᠪᠠᠶᠠᠷ ᠤᠨ ᠬᠡᠷᠡᠭ ᠡᠷᠬᠢᠯᠡᠭᠴᠢᠳ ᠤᠨ ᠬᠤᠷᠠᠯ ᠢ ᠪᠠᠶᠢᠭᠤᠯᠵᠤ ᠂ ᠲᠣᠰᠬᠤᠨ ᠤ ᠬᠡᠪ ᠰᠤᠷᠲᠠᠯ ᠠᠷᠠᠳ ᠤᠨ ᠳᠦᠷᠢ ᠲᠥᠷᠬᠦ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠶᠣᠰᠣ ᠰᠤᠷᠲᠠᠬᠤᠨ ᠢᠶᠠᠷ ᠵᠠᠰᠠᠬᠤ ᠪᠣᠯᠪᠠᠰᠤᠨ ᠤ ᠰᠢᠨ᠎ᠡ ᠬᠡᠪ ᠰᠤᠷᠲᠠᠯ ᠢ ᠬᠡᠪ ᠵᠠᠩᠰᠢᠯ ᠪᠣᠯᠭᠠᠨ᠎ᠠ᠃
   ᠬᠠᠤᠯᠢ ᠪᠠᠷ ᠵᠠᠰᠠᠬᠤ ᠪᠠᠷ ᠪᠠᠲᠤᠯᠠᠭ᠎ᠠ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠪᠠᠶᠢᠷᠢᠰᠢᠯ︾ ᠢ ᠰᠦᠪᠡᠭᠴᠢᠯᠡᠨ ᠲᠣᠭᠲᠠᠭᠠᠨ᠎ᠠ᠃ ᠬᠠᠤᠯᠢ ᠲᠦᠭᠡᠮᠡᠯᠵᠢᠭᠦᠯᠬᠦ ᠬᠠᠮᠲᠤᠯᠢᠭ ᠤᠨ ᠦᠶᠯᠡᠳᠦᠯ ᠢ ᠪᠠᠳᠠᠷᠠᠭᠤᠯᠤᠨ᠎ᠠ᠃ ᠪᠠᠯᠭᠠᠰᠤᠨ ᠤ ᠱᠠᠲᠤᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠴᠠᠭᠠᠵᠠ ᠶᠢᠨ ᠭᠠᠵᠠᠷ  ᠤᠨ ᠠᠵᠢᠯᠲᠠᠨ ᠪᠠ ᠲᠣᠰᠬᠤᠨ ᠤ ᠱᠠᠲᠤᠨ ᠤ ᠬᠠᠤᠯᠢ ᠴᠠᠭᠠᠵᠠ ᠶᠢ ᠮᠡᠳᠡᠬᠦ ᠬᠥᠮᠦᠨ ᠵᠡᠷᠭᠡ ᠬᠠᠤᠯᠢ ᠲᠦᠭᠡᠮᠡᠯᠵᠢᠭᠦᠯᠬᠦ ᠬᠠᠮᠲᠤᠯᠢᠭ ᠤᠨ ᠦᠶᠯᠡᠳᠦᠯ ᠢ ᠪᠠᠳᠠᠷᠠᠭᠤᠯᠵᠤ᠂ ᠡᠷᠦᠬᠡ ᠳᠤ ᠬᠦᠷᠴᠦ ᠤᠬᠠᠭᠤᠯᠬᠤ᠂ ᠬᠠᠮᠲᠤ ᠶᠢᠨ ᠪᠣᠯᠪᠠᠰᠤᠷᠠᠭᠤᠯᠤᠯ ᠢ ᠥᠷᠨᠢᠭᠦᠯᠬᠦ᠂ ︽ᠬᠠᠤᠯᠢ ᠪᠠᠷ ᠵᠠᠰᠠᠬᠤ ᠶᠡᠭᠡ ᠴᠤᠭᠯᠠᠭ᠎ᠠ︾ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠬᠥᠮᠦᠵᠢᠭᠦᠯᠦᠨ ᠬᠠᠤᠯᠢ ᠰᠤᠷᠤᠯᠴᠠᠭᠤᠯᠵᠤ ᠬᠠᠤᠯᠢ ᠶᠢ ᠬᠡᠷᠡᠭᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠹᠷᠣᠨᠲ ᠢ ᠨᠢᠭᠡᠳᠦᠯᠲᠡᠶ ᠲᠥᠯᠥᠪᠯᠡᠨ᠎ᠡ᠃ ᠰᠦᠯᠵᠢᠶᠡᠨ ᠭᠠᠳᠠᠨ᠎ᠠ ᠵᠠᠷᠯᠠᠯ ᠤᠨ ᠤᠷᠢᠶ᠎ᠠ ᠯᠣᠽᠦ᠋ᠩ᠂ LED ᠳᠡᠯᠭᠡᠴᠡ ᠪᠠᠶᠢᠷᠢᠯᠠᠭᠤᠯᠬᠤ᠂ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠳ᠋ᠤᠭᠠᠷ᠂ ︽ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ ᠬᠤᠯᠪᠤᠬᠤ︾ ᠸᠢᠴᠠᠲ ᠤᠨ ᠴᠤᠭᠯᠠᠷᠠᠯ ᠵᠡᠷᠭᠡ ᠰᠢᠨ᠎ᠡ ᠵᠠᠭᠤᠴᠢᠯᠠᠭᠤᠷ ᠢ ᠬᠡᠷᠡᠭᠯᠡᠨ᠂ ᠣᠯᠠᠨ ᠲᠦᠮᠡᠨ ᠤ ᠳᠡᠷᠭᠡᠳᠡᠬᠢ ᠬᠡᠷᠡᠭ ᠤᠨ ᠵᠢᠱᠢᠶ᠎ᠡ ᠪᠠᠷ ᠭᠠᠷᠳᠠᠴᠠ ᠪᠣᠯᠭᠠᠵᠤ᠂ ᠭᠠᠵᠢᠭᠤ ᠪᠤᠷᠤᠭᠤ ᠶᠢ ᠡᠰᠡᠷᠭᠦᠴᠡᠬᠦ᠂ ᠮᠡᠬᠡᠯᠡᠯ ᠢ ᠡᠰᠡᠷᠭᠦᠴᠡᠬᠦ᠂ ᠬᠤᠤᠷᠲᠤ ᠡᠳ᠋ ᠢ ᠴᠠᠭᠠᠵᠠᠯᠠᠬᠤ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠶᠢ ᠣᠯᠠᠨ ᠲᠠᠯ᠎ᠠ ᠠᠴᠠ᠂ ᠪᠥᠬᠦ ᠲᠠᠯ᠎ᠠ ᠪᠠᠷ ᠥᠷᠨᠢᠭᠦᠯᠦᠨ᠎ᠡ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭ᠎ᠠ ᠠᠳᠬᠤᠨ᠎ᠠ᠃ ᠪᠠᠯᠭᠠᠰᠤᠨ ᠤ ᠱᠠᠲᠤᠨ ᠤ ᠬᠠᠤᠯᠢ ᠴᠠᠭᠠᠵᠠ ᠶᠢᠨ ᠵᠥᠪᠯᠡᠭᠴᠢ ᠶᠢ ᠢᠳᠡᠪᠬᠢᠲᠡᠶ ᠤᠷᠢᠵᠤ ᠬᠥᠳᠡᠭᠡ ᠪᠠᠭᠤᠯᠭᠠᠨ ᠬᠠᠤᠯᠢ ᠲᠦᠭᠡᠮᠡᠯᠵᠢᠭᠦᠯᠬᠦ ᠲᠠᠶᠢᠯᠤᠮᠵᠢ ᠬᠢᠯᠭᠡᠵᠦ᠂ ᠲᠣᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠡᠷᠦᠬᠡ ᠳᠤ ᠣᠴᠢᠭᠤᠯᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢᠨ ᠬᠠᠮᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ︽ᠨᠢᠭᠡ ᠤᠳᠠᠭ᠎ᠠ ᠤᠬᠠᠭᠤᠯᠵᠤ᠂ ᠨᠢᠭᠡ ᠬᠡᠰᠡᠭ ᠢ ᠬᠥᠮᠦᠵᠢᠭᠦᠯᠬᠦ︾ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢ ᠦᠨᠡᠨᠬᠦ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号