ᠵᠢᠤ ᠯᠦᠩ ᠰᠢᠶᠠᠩ ᠥᠷᠭᠡᠰᠦᠲᠦ ᠯᠤᠤᠲᠤ ᠤᠳᠪᠠᠯᠠ ᠶᠢ ᠵᠢᠭᠰᠠᠭᠠᠨ ᠪᠠᠶᠢᠴᠠᠭᠠᠵᠤ᠂ ᠴᠡᠪᠡᠷᠯᠡᠨ ᠠᠷᠢᠯᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/13
   ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠥᠷᠭᠡᠰᠦᠲᠦ ᠯᠤᠤᠲᠤ ᠤᠳᠪᠠᠯᠠ ᠶᠢ ᠰᠡᠷᠭᠡᠶᠢᠯᠡᠵᠦ᠂ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠰᠦ ᠶᠢᠨ ᠲᠦᠷᠢᠮᠡᠬᠡᠶᠢᠯᠡᠯ ᠢ ᠶᠡᠷᠦᠩᠬᠡᠶᠢᠯᠡᠨ ᠵᠠᠰᠠᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠵᠢᠦ ᠯᠦᠩ ᠰᠢᠶᠠᠩ ᠴᠢᠩᠭ᠎ᠠ ᠪᠠᠶᠢᠷᠢᠯᠠᠭᠤᠯᠤᠯᠲᠠ ᠬᠢᠵᠦ᠂ ᠬᠥᠮᠦᠰ ᠢ ᠢᠳᠡᠪᠬᠢᠲᠡᠶ ᠵᠣᠬᠢᠶᠠᠨ ᠪᠠᠶᠢᠭᠤᠯᠵᠤ᠂ ᠪᠥᠬᠦ ᠰᠢᠶᠠᠩ ᠤᠨ ᠬᠠᠷᠢᠶ᠎ᠠ ᠣᠷᠣᠨ ᠳᠠᠬᠢ ᠥᠷᠭᠡᠰᠦᠲᠦ ᠯᠤᠤᠲᠤ ᠤᠳᠪᠠᠯᠠ ᠶᠢᠨ ᠥᠰᠥᠯᠲᠡ ᠶᠢᠨ ᠪᠠᠶᠢᠳᠠᠯ ᠢ ᠣᠶᠢᠯᠠᠭᠠᠵᠤ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠢᠳᠡᠪᠬᠢᠲᠡᠶ ᠳᠠᠶᠢᠴᠢᠯᠠᠨ ᠥᠷᠭᠡᠰᠦᠲᠦ ᠯᠤᠤᠲᠤ ᠤᠳᠪᠠᠯᠠ ᠶᠢᠨ ︽ᠰᠥᠨᠥᠭᠡᠬᠦ ᠳᠠᠶᠢᠨ︾ ᠳᠤ ᠢᠳᠡᠪᠬᠢᠲᠡᠶ ᠣᠷᠣᠯᠴᠠᠭᠤᠯᠵᠠᠶ᠃
   ᠥᠷᠭᠡᠰᠦᠲᠦ ᠯᠤᠤᠲᠤ ᠤᠳᠪᠠᠯᠠ ᠪᠣᠯ ᠨᠢᠭᠡ ᠨᠠᠰᠤᠲᠤ ᠡᠪᠡᠰᠦᠯᠢᠭ ᠤᠷᠭᠤᠮᠠᠯ᠂ ᠤᠮᠠᠷᠠᠲᠤ ᠠᠮᠧᠷᠢᠺᠠ ᠠᠴᠠ ᠭᠠᠷᠤᠯᠲᠠ ᠲᠠᠢ᠂ ᠤᠯᠤᠰ ᠤᠨ ᠨᠢᠭᠡᠳᠦᠭᠡᠷ ᠲᠥᠷᠥᠯ ᠤᠨ ᠠᠶᠤᠯᠲᠠᠶ ᠬᠥᠨᠥᠭᠡᠯᠲᠦ ᠠᠮᠢᠳᠤ ᠪᠣᠳᠠᠰ ᠪᠣᠯᠤᠨ᠎ᠠ᠃ ᠥᠷᠭᠡᠰᠦᠲᠦ ᠯᠤᠤᠲᠤ ᠤᠳᠪᠠᠯᠠ ᠨᠢ ᠪᠤᠰᠤᠳ ᠤᠷᠭᠤᠮᠠᠯ ᠤᠨ ᠨᠡᠷᠡᠨ ᠤ ᠭᠡᠷᠡᠯ᠂ ᠰᠢᠮ᠎ᠡ ᠲᠡᠵᠢᠭᠡᠯ᠂ ᠬᠥᠷᠥᠰᠥ ᠰᠢᠷᠣᠶ᠂ ᠤᠰᠤ ᠶᠢ ᠵᠠᠪᠳᠤᠨ ᠡᠵᠡᠯᠡᠬᠦ ᠪᠠᠷ ᠣᠷᠣᠰᠢᠨ ᠠᠮᠢᠳᠤᠷᠠᠬᠤ ᠰᠠᠭᠤᠷᠢ ᠪᠠᠨ ᠪᠣᠯᠭᠠᠵᠤ᠂ ᠵᠣᠬᠢᠴᠠᠬᠤ ᠴᠢᠳᠠᠪᠤᠷᠢ ᠪᠠ ᠦᠷᠡᠵᠢᠬᠦ ᠴᠢᠳᠠᠪᠤᠷᠢ ᠪᠠᠷ ᠲᠤᠶᠢᠯ ᠤᠨ ᠴᠢᠩᠭ᠎ᠠ᠂ ᠰᠠᠯᠬᠢᠨ ᠪᠠ ᠤᠰᠤᠨ ᠤ ᠲᠠᠷᠬᠠᠯᠲᠠ ᠶᠢ ᠲᠠᠭᠠᠨ ᠮᠠᠰᠢ ᠲᠦᠷᠭᠡᠨ ᠲᠠᠷᠬᠠᠵᠦ᠂ ᠲᠠᠴᠢᠷ ᠨᠢᠮᠭᠡᠨ ᠭᠠᠵᠠᠷ ᠰᠢᠷᠣᠢ ᠳᠤ ᠵᠤᠬᠢᠴᠠᠨ᠂ ᠲᠠᠷᠢᠶᠠᠯᠠᠩ ᠤᠨ ᠲᠠᠯᠠᠪᠠᠶ᠂ ᠮᠠᠯᠵᠢᠯ  ᠤᠨ ᠲᠠᠯᠠᠪᠠᠶ ᠳᠤ ᠲᠤᠶᠢᠯ ᠤᠨ ᠶᠡᠭᠡ ᠡᠪᠳᠡᠯᠡᠭᠡ ᠤᠴᠠᠷᠠᠭᠤᠯᠳᠠᠭ᠃
   7 - 9 ᠰᠠᠷ᠎ᠠ ᠪᠣᠯ ᠥᠷᠭᠡᠰᠦᠲᠦ ᠯᠤᠤᠲᠤ ᠤᠳᠪᠠᠯᠠ ᠢ ᠬᠤᠰᠤᠨ ᠠᠷᠢᠯᠭᠠᠬᠤ ᠬᠠᠮᠤᠭ ᠰᠠᠶᠢᠨ ᠴᠠᠭ ᠲᠣᠬᠢᠶᠠᠯ ᠪᠣᠯᠤᠨ᠎ᠠ᠃ ᠥᠷᠭᠡᠰᠦᠲᠦ ᠯᠤᠤᠲᠤ ᠤᠳᠪᠠᠯᠠ ᠶᠢᠨ ᠳᠤᠷ᠎ᠠ ᠪᠠᠷ ᠳᠡᠯᠭᠡᠷᠡᠬᠦ ᠠᠴᠠ ᠡᠷᠲᠡᠬᠡᠨ ᠵᠠᠶᠢᠯᠠᠰᠬᠢᠵᠦ᠂ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ ᠵᠡᠷᠭᠡ ᠠᠵᠤ ᠦᠶᠯᠡᠰ ᠲᠤ ᠯᠤᠲᠤ ᠶᠡᠭᠡ ᠬᠤᠬᠢᠷᠠᠯ ᠤᠴᠠᠷᠠᠭᠤᠯᠵᠤ᠂ ᠬᠠᠷᠢᠶᠠᠲᠤ ᠣᠷᠣᠨ ᠤ ᠠᠮᠢ ᠠᠬᠤᠶ ᠶᠢᠨ ᠠᠮᠤᠷ ᠲᠦᠪᠰᠢᠨ ᠢ ᠰᠦᠷᠳᠡᠭᠦᠯᠬᠦ ᠶᠢᠨ ᠲᠥᠯᠥᠭᠡ᠂ ᠵᠢᠦ ᠯᠦᠩ ᠰᠢᠶᠠᠩ ᠥᠷᠭᠡᠰᠦᠲᠦ ᠯᠤᠤᠲᠤ ᠤᠳᠪᠠᠯᠠ ᠶᠢ ᠠᠷᠢᠯᠭᠠᠬᠤ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠪᠡ᠃ ᠴᠡᠪᠡᠷᠯᠡᠨ ᠠᠷᠢᠯᠭᠠᠬᠤ ᠠᠵᠢᠯᠯᠠᠭ᠎ᠠ ᠶᠢᠨ ᠳᠤᠮᠳᠠ ᠵᠢᠦ ᠯᠦᠩ ᠰᠢᠶᠠᠩ ᠤᠨ ᠨᠠᠮ ᠤᠨ ᠬᠤᠷᠢᠶ᠎ᠠ ᠬᠥᠲᠥᠯᠥᠨ ᠵᠢᠯᠣᠭᠤᠳᠬᠤ ᠪᠠ ᠲᠠᠷᠢᠶᠠᠴᠢᠳ ᠤᠨ ᠣᠷᠣᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠡᠭᠦᠨ ᠤ ᠵᠣᠬᠢᠴᠠᠬᠤ ᠴᠢᠳᠠᠪᠤᠷᠢ ᠪᠠᠷ ᠴᠢᠩᠭ᠎ᠠ᠂ ᠦᠷ᠎ᠡ ᠨᠢ ᠰᠠᠯᠬᠢᠨ ᠪᠠ ᠤᠰᠤ ᠶᠢ ᠳᠠᠭᠠᠵᠤ ᠲᠠᠷᠬᠠᠬᠤ ᠬᠤᠷᠳᠤᠴᠠ ᠨᠢ ᠮᠠᠰᠢ ᠲᠦᠷᠭᠡᠨ ᠪᠠᠶᠢᠳᠠᠭ ᠣᠨᠴᠠᠯᠢᠭ ᠵᠢᠴᠢ ᠬᠡᠪᠰᠢᠯ ᠢ ᠨᠢ ᠦᠨᠳᠦᠰᠦᠯᠡᠨ᠂ ᠣᠯᠠᠨ ᠲᠠᠯ᠎ᠠ ᠪᠠᠷ ᠬᠦᠴᠦᠯᠡᠵᠦ ᠪᠠᠶᠢᠭᠠᠳ ᠴᠡᠪᠡᠷᠯᠡᠨ ᠠᠷᠢᠯᠭᠠᠵᠤ᠂ ᠲᠠᠷᠢᠶᠠᠨ ᠭᠠᠵᠠᠷ᠂ ᠬᠠᠳᠤᠯᠠᠩ ᠪᠡᠯᠴᠢᠭᠡᠷ ᠲᠡᠰᠢ ᠥᠷᠭᠡᠵᠢᠬᠦ ᠶᠢ ᠴᠢᠩᠭ᠎ᠠ ᠰᠡᠷᠭᠡᠶᠢᠯᠡᠵᠦ᠂ ᠤᠷᠲᠤ ᠬᠤᠭᠤᠴᠠᠭ᠎ᠠ  ᠪᠠᠷ ᠵᠠᠰᠠᠬᠤ ᠦᠷ᠎ᠡ ᠪᠦᠲᠦᠮᠵᠢ ᠶᠢ ᠪᠠᠲᠤᠯᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠢᠳᠡᠪᠬᠢᠲᠡᠶ ᠣᠷᠣᠯᠴᠠᠵᠤ᠂ ᠲᠠᠷᠢᠶᠠᠨ ᠭᠠᠵᠠᠷ ᠲᠤ ᠭᠦᠨᠵᠡᠭᠡᠶᠢᠷᠡᠨ᠂ 65 ᠮᠥ ᠲᠠᠯᠠᠪᠠᠶ ᠴᠡᠪᠡᠷᠯᠡᠨ ᠠᠷᠢᠯᠭᠠᠪᠠ᠃    ᠥᠷᠭᠡᠰᠦᠲᠦ ᠯᠤᠤᠲᠤ ᠤᠳᠪᠠᠯᠠ ᠶᠢ ᠴᠡᠪᠡᠷᠯᠡᠨ ᠠᠷᠢᠯᠭᠠᠬᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠥᠷᠭᠡᠰᠦᠲᠦ ᠯᠤᠤᠲᠤ ᠤᠳᠪᠠᠯᠠ ᠭᠡᠬᠦ ᠡᠨᠡ ᠬᠦ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠥᠷᠥᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠥᠷᠥᠯ ᠤᠨ ᠲᠦᠷᠢᠮᠡᠬᠡᠶᠢᠯᠡᠯ ᠤᠨ ᠠᠶᠤᠯ ᠲᠦᠭᠰᠢᠭᠦᠷᠢ ᠪᠠ ᠲᠠᠷᠬᠠᠯᠲᠠ ᠶᠢᠨ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠣᠯᠠᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠵᠢᠦ ᠯᠦᠩ ᠰᠢᠶᠠᠩ ᠬᠠᠷᠢᠶ᠎ᠠ ᠣᠷᠣᠨ ᠤ ᠬᠡᠪᠴᠢᠶᠡᠨ ᠠᠴᠠ ᠭᠠᠳᠠᠨᠠᠬᠢ ᠬᠤᠣᠷᠲᠤ ᠤᠷᠭᠤᠮᠠᠯ ᠢ ᠦᠷᠭᠦᠯᠵᠢᠯᠡᠨ ᠪᠠᠶᠢᠩᠭᠤᠵᠢᠬᠰᠠᠨ ᠵᠢᠭᠰᠠᠭᠠᠨ ᠪᠠᠶᠢᠴᠠᠭᠠᠯᠲᠠ ᠬᠢᠵᠦ᠂ ᠡᠷᠲᠡ ᠢᠯᠡᠷᠡᠭᠦᠯᠵᠦ᠂ ᠡᠷᠲᠡ ᠠᠷᠢᠯᠭᠠᠵᠤ᠂  ᠶᠡᠭᠡ ᠬᠡᠪᠴᠢᠶ᠎ᠡ ᠪᠠᠷ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ᠂ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号