2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠳᠤ ᠥᠨᠳᠥᠷᠯᠡᠪᠡ
ᠨᠡᠶᠢᠲᠡᠯᠡᠭᠰᠡᠨ ᠴᠠᠭ᠄
2024/8/13
   8 ᠳ᠋ᠤᠭᠠᠷ ᠰᠠᠷ᠎ᠠ ᠶᠢᠨ 10 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠳᠤ ᠲᠡᠭᠦᠰᠪᠡ᠃ ᠤᠷᠤᠯᠳᠤᠭᠠᠨ 6 ᠡᠳᠦᠷ ᠶᠠᠪᠤᠭᠳᠠᠵᠤ᠂ 12 ᠠᠶᠢᠮᠠᠭ ᠬᠤᠲᠠ ᠶᠢᠨ 19 ᠲᠥᠯᠥᠭᠡᠯᠡᠭᠴᠢᠳ ᠤᠨ ᠠᠩᠭᠢ ᠶᠢᠨ 421 ᠲᠠᠮᠢᠷᠴᠢᠨ ᠪᠦᠯᠬᠦᠮᠳᠡᠨ ᠲᠡᠮᠡᠴᠡᠵᠦ᠂ ᠣᠮᠤᠭ ᠲᠡᠭᠦᠯᠳᠡᠷ ᠢᠶᠠᠷ ᠤᠳᠠᠭ᠎ᠠ ᠪᠦᠷᠢ ᠶᠢᠨ ᠤᠷᠤᠯᠳᠤᠭᠠᠨ ᠳᠤ ᠬᠠᠨᠳᠤᠵᠤ᠂ ᠲᠤᠰ ᠤᠳᠠᠭᠠᠨ ᠤ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠳᠠᠭᠤᠰᠤᠭᠰᠠᠨ ᠲᠡᠷᠡ ᠡᠳᠦᠷ᠂ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠳᠠᠩ ᠵᠦᠢᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠲᠣᠭᠲᠠᠭᠰᠠᠨ ᠬᠤᠭᠤᠴᠠᠭᠠᠨ ᠳᠠᠭᠠᠨ ᠶᠠᠪᠤᠭᠳᠠᠪᠠ᠃
   ᠤᠷᠤᠯᠳᠤᠭᠠᠨ ᠤ ᠲᠠᠯᠠᠪᠤᠷ ᠲᠤ᠂ ᠥᠳᠥᠨ ᠪᠥᠮᠪᠦᠭᠡ ᠶᠢᠨ ᠪᠢᠴᠢᠬᠠᠨ ᠲᠠᠮᠢᠷᠴᠢᠳ ᠲᠠᠰᠤᠷᠠᠯᠲᠠ ᠦᠭᠡᠢ ᠦᠰᠦᠷᠦᠨ ᠪᠣᠰᠴᠤ᠂ ᠫᠠᠶᠢᠰᠠ ᠬᠤᠷᠤᠶᠢᠯᠠᠬᠤ᠂ ᠪᠥᠮᠪᠦᠭᠡ ᠴᠣᠬᠢᠬᠤ᠂ ᠬᠥᠳᠡᠯᠭᠡᠭᠡᠨ ᠨᠢ ᠴᠡᠪᠡᠷ ᠴᠡᠮᠴᠡᠭᠡᠷ ᠪᠠᠶᠢᠵᠤ᠂ ᠣᠨᠣᠪᠴᠢᠲᠠᠶ ᠪᠥᠮᠪᠦᠭᠡ ᠡᠬᠢᠯᠡᠭᠦᠯᠬᠦ᠂ ᠬᠦᠴᠦᠲᠡᠶ ᠬᠥᠮᠥᠷᠢᠨ ᠴᠣᠬᠢᠬᠤ᠂ ᠤᠷᠠᠨ ᠠᠷᠭ᠎ᠠ ᠪᠠᠷ ᠪᠥᠮᠪᠦᠭᠡ ᠳᠡᠭᠦᠵᠢᠯᠡᠬᠦ᠂ ᠲᠠᠭᠠᠷᠢᠬᠤ ᠰᠡᠷᠭᠡᠶᠢᠯᠡᠬᠦ ᠶᠢ ᠬᠤᠪᠢᠷᠠᠭᠤᠯᠬᠤ ᠵᠡᠷᠭᠡ ᠡᠯ᠎ᠡ ᠵᠠᠮ ᠤᠨ ᠪᠥᠮᠪᠦᠭᠡ ᠶᠢᠨ ᠮᠡᠷᠭᠡᠵᠢᠯ ᠨᠢ ᠭᠦᠢᠴᠡᠳ ᠳᠡᠯᠭᠡᠷᠡᠵᠦ᠂ ᠨᠥᠬᠦᠷᠯᠡᠯ ᠢᠶᠠᠨ ᠴᠢᠩᠭᠠᠳᠬᠠᠵᠦ᠂ ᠬᠢᠷᠢ ᠲᠦᠪᠰᠢᠨ ᠲᠠᠢ ᠪᠠᠶᠢᠵᠦ᠂ ᠬᠡᠪ ᠨᠠᠮᠪᠠ ᠲᠠᠢ ᠪᠠᠶᠢᠵᠦ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠲᠠᠮᠢᠷᠴᠢᠳ ᠤᠨ ᠢᠳᠡᠪᠬᠢᠲᠡᠶ ᠥᠭᠡᠳᠡᠯᠡᠨ ᠳᠠᠪᠰᠢᠬᠤ᠂ ᠰᠢᠷᠭᠠᠭᠤ ᠲᠡᠮᠡᠴᠡᠬᠦ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ ᠬᠡᠪ ᠴᠢᠨᠠᠷ ᠪᠣᠯᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
   ︽ᠪᠢ ᠪᠣᠯ ᠣᠷᠳᠣᠰ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠬᠢ᠂ ᠪᠢ ᠪᠣᠯ ᠠᠩᠬ᠎ᠠ ᠤᠳᠠᠭ᠎ᠠ ᠡᠨᠡ ᠤᠷᠤᠯᠳᠤᠭᠤᠨ ᠳᠤ ᠣᠷᠣᠯᠴᠠᠵᠤ ᠪᠠᠶᠢᠨ᠎ᠠ᠂ ᠪᠢ ᠮᠠᠰᠢ ᠣᠯᠠᠨ ᠣᠯᠤᠯᠲᠠ ᠲᠠᠢ᠂ ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ ᠵᠠᠷᠴᠢᠮ ᠢᠶᠠᠷ ᠪᠢ ᠮᠠᠰᠢ ᠣᠯᠠᠨ ᠨᠠᠶᠢᠵᠠ ᠲᠠᠢ ᠲᠠᠨᠢᠯᠴᠠᠵᠤ᠂ ᠪᠠᠰᠠ ᠮᠠᠰᠢ ᠣᠯᠠᠨ ᠪᠥᠮᠪᠦᠭᠡ ᠨᠠᠭᠠᠳᠬᠤ ᠤᠷ᠎ᠠ ᠳᠡᠮ ᠲᠠᠢ ᠪᠣᠯᠵᠠᠶ᠃ 》 ᠭᠡᠵᠦ ᠣᠷᠳᠣᠰ ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠮᠢᠶᠣᠣ ᠰᠢᠤᠸᠠᠨ ᠢᠤᠢ ᠬᠡᠯᠡᠪᠡ᠃    ᠵᠠᠯᠠᠭᠤᠴᠤᠳ ᠪᠠᠭᠠᠴᠤᠳ ᠪᠡᠶ᠎ᠡ ᠲᠠᠮᠢᠷ ᠤᠨ ᠬᠤᠪᠴᠠᠰᠤ ᠪᠠᠨ ᠡᠮᠦᠰᠴᠦ᠂ ᠪᠥᠮᠪᠥᠭᠡᠨ ᠫᠠᠶᠢᠰᠠ ᠪᠠᠨ ᠠᠳᠬᠤᠵᠤ ᠂ ᠥᠳᠥᠨ ᠪᠥᠮᠪᠦᠭᠡ ᠶᠢᠨ ᠲᠤᠬᠠᠢ ᠬᠢᠵᠠᠭᠠᠯᠠᠰᠢ ᠦᠭᠡᠢ ᠬᠠᠶᠢᠷ᠎ᠠ ᠪᠠ ᠬᠦᠰᠡᠯ ᠡᠷᠡᠮᠡᠯᠵᠡᠯ ᠡᠪᠦᠷᠯᠡᠨ᠎ᠡ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠳᠤ ᠳᠤᠭᠤᠢᠯᠠᠩ ᠬᠤᠪᠢᠶᠠᠨ ᠳᠠᠩ ᠡᠭᠡᠯᠵᠢᠲᠦ ᠤᠷᠤᠯᠳᠤᠭᠠᠨ + ᠣᠷᠣᠨ ᠪᠠᠢᠷᠢ ᠲᠣᠭᠲᠠᠭᠠᠨ ᠰᠢᠭᠰᠢᠬᠦ ᠨᠡᠮᠡᠯᠲᠡ ᠤᠷᠤᠯᠳᠤᠭᠠᠨ ᠤ ᠳᠦᠷᠢᠮ ᠢ ᠬᠡᠷᠡᠭᠯᠡᠵᠦ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠢ ᠨᠠᠰᠤ ᠪᠠᠷ ᠨᠢ ᠬᠥᠬᠡ ᠬᠥᠬᠡᠭᠴᠢᠨ ᠤᠯᠠᠭᠠᠨ ᠳᠤᠭᠤᠢᠯᠠᠩ ᠪᠣᠯᠭᠠᠨ ᠬᠤᠪᠢᠶᠠᠵᠤ᠂ ᠤᠷᠤᠯᠳᠤᠭᠠᠨ ᠤ ᠲᠥᠷᠥᠯ ᠵᠦᠢᠯ ᠳᠤ ᠡᠷᠡᠭᠲᠡᠶ ᠶᠢᠨ ᠭᠠᠭᠴᠠᠭᠠᠷ ᠴᠣᠬᠢᠬᠤ᠂ ᠡᠮᠡᠭᠲᠡᠶ ᠶᠢᠨ ᠭᠠᠭᠴᠠᠭᠠᠷ ᠴᠣᠬᠢᠬᠤ᠂ ᠡᠷᠡᠭᠲᠡᠶ ᠶᠢᠨ ᠬᠤᠣᠰᠯᠠᠨ ᠴᠣᠬᠢᠬᠤ᠂ ᠡᠮᠡᠭᠲᠡᠶ ᠶᠢᠨ ᠬᠤᠣᠰᠯᠠᠨ ᠴᠣᠬᠢᠬᠤ᠂ ᠡᠷᠡᠭᠲᠡᠶ ᠡᠮᠡᠭᠲᠡᠶ ᠶᠢᠨ ᠬᠤᠣᠰᠯᠠᠨ ᠴᠣᠬᠢᠬᠤ ᠵᠢᠴᠢ ᠪᠦᠯᠬᠦᠮ ᠤᠨ ᠵᠢᠷᠭᠤᠭᠠᠨ ᠶᠡᠭᠡ ᠬᠡᠰᠡᠭ ᠢ ᠬᠠᠮᠤᠷᠴᠠᠶ᠃
   ︽ᠪᠢ ᠪᠣᠯ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠨᠢᠭᠡᠨ ᠪᠥᠮᠪᠥᠭᠡᠴᠢᠨ ᠮᠥᠨ᠂ ᠪᠢ ᠡᠨᠡ ᠵᠢᠯ ᠪᠥᠮᠪᠦᠭᠡ ᠰᠣᠷᠣᠭᠠᠳ ᠨᠢᠭᠡᠨᠲᠡ ᠳᠣᠯᠣᠭᠠᠨ ᠵᠢᠯ ᠪᠣᠯᠵᠠᠶ᠂ ᠡᠨᠡ ᠪᠣᠯ ᠪᠢ ᠠᠩᠬ᠎ᠠ ᠤᠳᠠᠭ᠎ᠠ ᠲᠦᠴᠢᠦᠸᠠᠨ ᠰᠢᠶᠠᠨ ᠳᠤ ᠢᠷᠡᠵᠦ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠵᠤ ᠪᠠᠶᠢᠨ᠎ᠠ᠂ ᠪᠢ ᠡᠨᠡ ᠤᠳᠠᠭᠠᠨ ᠤ ᠤᠷᠤᠯᠳᠤᠭᠠᠨ ᠳᠤ ᠪᠠᠰᠠ ᠨᠡᠯᠢᠶᠡᠳ ᠰᠠᠶᠢᠨ ᠬᠢᠷᠢ ᠪᠦᠲᠦᠮᠵᠢ ᠣᠯᠵᠠᠶ᠂ ᠬᠤᠵᠢᠮ ᠪᠢ ᠨᠠᠩ ᠢᠯᠡᠭᠦᠦ ᠴᠢᠷᠮᠠᠶᠢᠨ ᠪᠣᠯᠪᠠᠰᠤᠷᠠᠬᠤ ᠪᠥᠭᠡᠳ ᠬᠥᠬᠡᠬᠤᠲᠠ ᠶᠢᠨ ᠠᠩᠭᠢ ᠳᠤ ᠨᠠᠩ ᠰᠠᠶᠢᠨ ᠬᠢᠷᠢ ᠪᠦᠲᠦᠮᠵᠢ ᠣᠯᠬᠤ  ᠪᠠᠷ ᠴᠢᠷᠮᠠᠶᠢᠨ᠎ᠠ᠃︾ ᠭᠡᠵᠦ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠬᠤ ᠲᠠᠮᠢᠷᠴᠢᠨ ᠪᠤᠤ ᠳ᠋ᠦ᠋ ᠯᠠᠨ ᠬᠡᠯᠡᠪᠡ᠃    ᠪᠢᠴᠢᠬᠠᠨ ᠲᠠᠮᠢᠷᠴᠢᠨ ᠤᠷᠤᠯᠳᠤᠭᠠᠨ ᠤ ᠲᠠᠯᠠᠪᠤᠷ ᠲᠤ ᠴᠢᠯᠥᠭᠡᠲᠡᠶ᠂ ᠨᠢᠭᠲᠠ ᠠᠴᠠ ᠨᠢᠭᠲᠠ ᠪᠠᠶᠢᠵᠤ᠂ ᠠᠶᠤᠬᠤ ᠦᠭᠡᠢ᠂ ᠪᠠᠷᠢᠮᠲᠠᠯᠠᠬᠤ᠂ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠪᠡ᠃ ᠲᠤᠰ ᠤᠳᠠᠭᠠᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠠᠮᠵᠢᠯᠲᠠ ᠲᠠᠢ ᠶᠠᠪᠤᠭᠳᠠᠭᠰᠠᠨ ᠨᠢ ᠥᠳᠥᠨ ᠪᠥᠮᠪᠦᠭᠡ ᠶᠢᠨ ᠳᠤᠷ᠎ᠠ ᠪᠠᠭ᠋ᠠᠲᠠᠳ ᠲᠤ ᠥᠪᠡᠷ ᠢ ᠪᠠᠨ ᠳᠡᠯᠭᠡᠨ ᠦᠵᠡᠭᠦᠯᠬᠦ᠂ ᠬᠠᠷᠢᠯᠴᠠᠨ ᠵᠥᠪᠳᠡᠯᠴᠡᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠶ᠂ ᠪᠠᠰᠠ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢᠨ ᠬᠢᠷᠢ ᠬᠡᠮᠵᠢᠶ᠎ᠡ ᠶᠢ ᠨᠢᠭᠡ ᠤᠳᠠᠭ᠎ᠠ ᠲᠥᠪᠯᠡᠷᠡᠭᠦᠯᠦᠨ ᠰᠢᠯᠭᠠᠨ ᠦᠵᠡᠭᠰᠡᠨ ᠶᠠᠪᠤᠳᠠᠯ ᠪᠣᠯᠬᠤ ᠪᠥᠭᠡᠳ ᠨᠡᠩ ᠴᠤ ᠥᠳᠥᠨ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠢ ᠦᠷᠭᠦᠯᠵᠢᠯᠡᠨ ᠠᠭᠤᠳᠠᠯᠤᠨ ᠬᠥᠮᠦᠵᠢᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠬᠤ ᠶᠤᠮ᠃
   ︽ᠲᠤᠰ ᠤᠳᠠᠭᠠᠨ ᠤ ᠥᠳᠥᠨ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠨᠢ ᠪᠦᠬᠦ ᠤᠯᠤᠰ ᠤᠨ 15 ᠳ᠋ᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠂ ᠡᠨᠡ ᠤᠳᠠᠭᠠᠨ ᠤ ᠤᠷᠤᠯᠳᠤᠭᠠᠨ ᠳᠤ ᠠᠩᠬ᠎ᠠ ᠤᠳᠠᠭ᠎ᠠ ᠤᠯᠠᠭᠠᠨ ᠳᠤᠭᠤᠢᠯᠠᠩ ᠨᠡᠮᠡᠭᠳᠡᠵᠦ᠂ ᠣᠷᠣᠯᠴᠠᠭᠰᠠᠨ ᠬᠥᠮᠦᠨ ᠤ ᠲᠤᠭ᠎ᠠ ᠨᠢ ᠮᠠᠰᠢ ᠣᠯᠠᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ ᠵᠢᠴᠢ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠲᠠᠪᠴᠠᠩ ᠪᠣᠯᠵᠤ᠂ ᠨᠠᠩ ᠣᠯᠠᠨ ᠵᠠᠯᠠᠭᠤᠴᠤᠳ ᠪᠠᠭᠠᠴᠤᠳ ᠲᠤ ᠤᠷᠤᠯᠳᠤᠭᠠᠨ ᠤ ᠰᠣᠯᠢᠯᠴᠠᠭ᠎ᠠ ᠬᠢᠬᠦ ᠲᠣᠬᠢᠶᠠᠯ ᠬᠠᠩᠭᠠᠭᠰᠠᠨ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ ᠤ ᠥᠳᠥᠨ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠤ ᠪᠦᠬᠦᠯᠢ ᠴᠣᠭᠴᠠ ᠶᠢᠨ ᠪᠣᠳᠠᠲᠤ ᠬᠦᠴᠦᠨ ᠢ ᠰᠢᠯᠭᠠᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠰᠢᠯᠢᠳᠡᠭ ᠵᠠᠯᠭᠠᠮᠵᠢᠯᠠᠭᠴᠢ ᠶᠢ ᠰᠣᠩᠭᠤᠬᠤ ᠳᠤ ᠴᠢᠬᠤᠯᠠ ᠯᠠᠪᠯᠠᠯᠲᠠ ᠬᠠᠩᠭᠠᠪᠠ᠃︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠮᠪᠦᠭᠡ ᠶᠢᠨ ᠲᠦᠷᠦᠯ ᠤᠨ ᠬᠥᠳᠡᠯᠭᠡᠭᠡᠨ ᠤ ᠲᠥᠪ  ᠤᠨ ᠳᠡᠳ᠋ ᠡᠷᠬᠢᠯᠡᠭᠴᠢ ᠯᠢᠶᠣᠤ ᡁᠢ ᠫᠧᠩ ᠲᠠᠨᠢᠯᠴᠠᠭᠤᠯᠪᠠ᠃
   ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ ᠡᠴᠦᠰ ᠲᠡᠭᠡᠨ ᠬᠥᠬᠡ ᠳᠤᠭᠤᠢᠯᠠᠩ ᠤᠨ ᠡᠷᠡᠭᠲᠡᠶ ᠶᠢᠨ ᠬᠠᠮᠲᠤ  ᠶᠢᠨ ᠤᠷᠤᠯᠳᠤᠭᠠᠨ ᠤ ᠮᠠᠩᠯᠠᠶ ᠨᠢ ᠬᠥᠬᠡᠬᠤᠲᠠ ᠶᠢᠨ ᠨᠢᠭᠡᠳᠦᠭᠡᠷ ᠠᠩᠭᠢ ᠪᠣᠯᠵᠠᠶ︔ ᠬᠥᠬᠡᠭᠴᠢᠨ ᠳᠤᠭᠤᠢᠯᠠᠩ ᠤᠨ ᠡᠷᠡᠭᠲᠡᠶ ᠶᠢᠨ ᠬᠠᠮᠲᠤ ᠶᠢᠨ ᠤᠷᠤᠯᠳᠤᠭᠠᠨ ᠤ ᠮᠠᠩᠯᠠᠶ ᠨᠢ ᠪᠤᠭᠤᠲᠤ ᠬᠤᠲᠠ ᠶᠢᠨ ᠨᠢᠭᠡᠳᠦᠭᠡᠷ ᠠᠩᠭᠢ ᠪᠣᠯᠤᠨ᠎ᠠ︔ ᠤᠯᠠᠭᠠᠨ ᠳᠤᠭᠤᠶᠢᠯᠠᠩ ᠤᠨ ᠡᠷᠡᠭᠲᠡᠶ ᠶᠢᠨ ᠬᠠᠮᠲᠤ ᠶᠢᠨ ᠤᠷᠤᠯᠳᠤᠭᠠᠨ ᠳᠤ ᠬᠥᠬᠡᠬᠤᠲᠠ ᠶᠢᠨ ᠨᠢᠭᠡᠳᠦᠭᠡᠷ ᠠᠩᠭᠢ ᠮᠠᠩᠯᠠᠶᠢᠯᠠᠪᠠ︔ ᠬᠥᠬᠡᠭᠴᠢᠨ᠂ ᠤᠯᠠᠭᠠᠨ ᠳᠤᠭᠤᠶᠢᠯᠠᠩ ᠤᠨ ᠡᠮᠡᠭᠲᠡᠶ ᠶᠢᠨ ᠬᠠᠮᠲᠤ ᠶᠢᠨ ᠤᠷᠤᠯᠳᠤᠭᠠᠨ ᠳᠤ ᠬᠥᠬᠡᠬᠤᠲᠠ ᠶᠢᠨ ᠨᠢᠭᠡᠳᠦᠭᠡᠷ ᠠᠩᠭᠢ ᠮᠠᠩᠯᠠᠶᠢᠯᠠᠪᠠ︔ ᠬᠥᠬᠡ ᠳᠤᠭᠤᠢᠯᠠᠩ ᠤᠨ ᠡᠷᠡᠭᠲᠡᠶ᠂ ᠡᠮᠡᠭᠲᠡᠶ ᠶᠢᠨ ᠭᠠᠭᠴᠠᠭᠠᠷ ᠴᠣᠬᠢᠬᠤ ᠤᠷᠤᠯᠳᠤᠭᠠᠨ ᠤ ᠮᠠᠩᠯᠠᠶ ᠨᠢ ᠬᠥᠬᠡᠬᠤᠲᠠ ᠶᠢᠨ ᠨᠢᠭᠡᠳᠦᠭᠡᠷ ᠠᠩᠭᠢ ᠪᠠ ᠪᠤᠭᠤᠲᠤ ᠬᠤᠲᠠ  ᠶᠢᠨ ᠨᠢᠭᠡᠳᠦᠭᠡᠷ ᠠᠩᠭᠢ ᠪᠣᠯᠤᠨ᠎ᠠ︔ ᠬᠥᠬᠡᠭᠴᠢᠨ ᠳᠤᠭᠤᠢᠯᠠᠩ ᠤᠨ ᠡᠷᠡᠭᠲᠡᠶ᠂ ᠡᠮᠡᠭᠲᠡᠶ ᠶᠢᠨ ᠭᠠᠭᠴᠠᠭᠠᠷ ᠴᠣᠬᠢᠬᠤ ᠤᠷᠤᠯᠳᠤᠭᠠᠨ ᠤ ᠮᠠᠩᠯᠠᠶ ᠪᠣᠯ ᠬᠥᠬᠡᠬᠤᠲᠠ ᠶᠢᠨ ᠨᠢᠭᠡᠳᠦᠭᠡᠷ ᠠᠩᠭᠢ ᠪᠠ ᠦᠬᠠᠶ ᠬᠤᠲᠠ ᠶᠢᠨ ᠬᠤᠶᠠᠳᠤᠭᠠᠷ ᠠᠩᠭᠢ ᠪᠣᠯᠤᠨ᠎ᠠ︔ ᠤᠯᠠᠭᠠᠨ ᠳᠤᠭᠤᠢᠯᠠᠩ ᠤᠨ ᠡᠷᠡᠭᠲᠡᠶ᠂ ᠡᠮᠡᠭᠲᠡᠶ ᠶᠢᠨ ᠭᠠᠭᠴᠠᠭᠠᠷ ᠴᠣᠬᠢᠬᠤ ᠤᠷᠤᠯᠳᠤᠭᠠᠨ ᠤ ᠮᠠᠩᠯᠠᠶ ᠪᠣᠯ ᠬᠥᠬᠡᠬᠤᠲᠠ ᠶᠢᠨ ᠬᠤᠶᠠᠳᠤᠭᠠᠷ ᠠᠩᠭᠢ ᠪᠠ ᠪᠤᠭᠤᠲᠤ ᠬᠤᠲᠠ ᠶᠢᠨ ᠬᠤᠶᠠᠳᠤᠭᠠᠷ ᠠᠩᠭᠢ ᠪᠣᠯᠤᠨ᠎ᠠ︔ ᠬᠥᠬᠡ ᠳᠤᠭᠤᠢᠯᠠᠩ ᠤᠨ ᠡᠷᠡᠭᠲᠡᠶ᠂ ᠡᠮᠡᠭᠲᠡᠶ ᠶᠢᠨ ᠬᠤᠣᠰᠯᠠᠨ ᠴᠣᠬᠢᠬᠤ ᠤᠷᠤᠯᠳᠤᠭᠠᠨ ᠤ ᠮᠠᠩᠯᠠᠶ ᠪᠣᠯ ᠪᠤᠭᠤᠲᠤ ᠬᠤᠲᠠ  ᠶᠢᠨ ᠨᠢᠭᠡᠳᠦᠭᠡᠷ ᠠᠩᠭᠢ ᠪᠣᠯᠤᠨ ᠬᠥᠬᠡᠬᠤᠲᠠ ᠶᠢᠨ ᠨᠢᠭᠡᠳᠦᠭᠡᠷ ᠠᠩᠭᠢ ᠪᠣᠯᠤᠨ᠎ᠠ︔ ᠬᠥᠬᠡᠭᠴᠢᠨ ᠳᠤᠭᠤᠢᠯᠠᠩ ᠤᠨ ᠡᠷᠡᠭᠲᠡᠶ ᠡᠮᠡᠭᠲᠡᠶ ᠶᠢᠨ ᠬᠤᠣᠰᠯᠠᠨ ᠴᠣᠬᠢᠬᠤ ᠤᠷᠤᠯᠳᠤᠭᠠᠨ ᠤ ᠮᠠᠩᠯᠠᠶ ᠪᠣᠯ ᠲᠦᠩᠯᠢᠶᠣᠤ ᠶᠢᠨ ᠨᠢᠭᠡᠳᠦᠭᠡᠷ ᠠᠩᠭᠢ ᠪᠣᠯᠤᠨ ᠬᠥᠬᠡᠬᠤᠲᠠ ᠶᠢᠨ ᠨᠢᠭᠡᠳᠦᠭᠡᠷ ᠠᠩᠭᠢ ᠪᠣᠯᠤᠨ᠎ᠠ︔ ᠬᠥᠬᠡᠭᠴᠢᠨ ᠳᠤᠭᠤᠢᠯᠠᠩ ᠤᠨ ᠬᠤᠣᠰᠯᠠᠨ ᠴᠣᠬᠢᠬᠤ ᠤᠷᠤᠯᠳᠤᠭᠠᠨ ᠤ ᠮᠠᠩᠯᠠᠶ ᠨᠢ ᠪᠤᠭᠤᠲᠤ ᠬᠤᠲᠠ ᠶᠢᠨ ᠨᠢᠭᠡᠳᠦᠭᠡᠷ ᠠᠩᠭᠢ ᠪᠣᠯᠤᠨ᠎ᠠ᠃    ︽ᠡᠨᠡ ᠤᠳᠠᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠪᠢ ᠬᠤᠶᠠᠷ ᠠᠯᠲᠠᠨ ᠮᠧᠳᠠᠯ ᠣᠯᠵᠠᠶ᠂ ᠨᠢᠭᠡ ᠨᠢ ᠡᠷᠡᠭᠲᠡᠶ ᠶᠢᠨ ᠬᠠᠮᠲᠤ ᠶᠢᠨ ᠮᠠᠩᠯᠠᠶ᠂ ᠪᠠᠰᠠ ᠨᠢᠭᠡ ᠨᠢ ᠡᠷᠡᠭᠲᠡᠶ ᠡᠮᠡᠭᠲᠡᠶ ᠶᠢᠨ ᠬᠤᠣᠰᠯᠠᠬᠤ ᠮᠠᠩᠯᠠᠶ᠂ ᠪᠢ ᠮᠠᠰᠢ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠃ ᠮᠢᠨᠦ ᠤᠤᠯ ᠤᠨ ᠴᠢᠷᠮᠠᠶᠢᠨ ᠪᠣᠯᠪᠠᠰᠤᠷᠠᠭᠰᠠᠨ ᠢ ᠲᠠᠯᠠᠭᠠᠷ ᠥᠩᠭᠡᠷᠡᠭᠡᠭᠰᠡᠨ ᠦᠭᠡᠢ᠂ ᠪᠢ ᠪᠠᠰᠠ ᠮᠢᠨᠦ ᠰᠤᠷᠭᠠᠭᠴᠢ ᠪᠣᠯᠤᠨ ᠨᠠᠶᠢᠵᠠ ᠨᠠᠷ ᠤᠨ ᠨᠠᠮ᠎ᠠ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠨ᠎ᠠ᠂ ᠰᠡᠭᠦᠯᠡᠷ ᠪᠢ ᠪᠠᠰᠠ ᠦᠷᠭᠦᠯᠵᠢᠯᠡᠨ ᠴᠢᠷᠮᠠᠶᠢᠵᠤ᠂ ᠰᠠᠶᠢᠨ ᠰᠤᠷᠤᠯᠴᠠᠵᠤ᠂ ᠳᠡᠯᠡᠬᠡᠢ ᠵᠦᠭ ᠤᠷᠤᠭᠰᠢᠯᠠᠨ᠎ᠠ᠃︾ ᠭᠡᠵᠦ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠬᠠᠨ ᡁᠢ ᠸᠧᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号