︽ᠳᠣᠯᠣᠭᠠᠨ ᠰᠠᠷ᠎ᠠ ᠶᠢᠨ ᠳᠣᠯᠣᠭᠠᠨ︾ ᠤ ᠬᠠᠶᠢᠷ᠎ᠠ ᠬᠠᠯᠠᠮᠵᠢ ᠶᠢᠨ ᠪᠣᠯᠵᠤᠭ᠎ᠠ
ᠨᠡᠶᠢᠲᠡᠯᠡᠭᠰᠡᠨ ᠴᠠᠭ᠄
2024/8/13
   ᠰᠢᠨ᠎ᠡ ᠮᠠᠶ᠋ᠢᠭ ᠤᠨ ᠣᠷᠤᠭ ᠦᠷᠡᠵᠢᠯ ᠤᠨ ᠰᠣᠶᠣᠯ ᠢ ᠢᠳᠡᠪᠬᠢᠲᠡᠶ ᠪᠣᠶᠢᠵᠢᠭᠤᠯᠵᠤ᠂ ᠵᠠᠯᠠᠭᠤᠴᠤᠳ ᠤᠨ ᠣᠷᠤᠭ ᠢᠨᠠᠭ ᠤᠨ ᠦᠵᠡᠯᠲᠡ᠂ ᠦᠷᠡᠵᠢᠯ ᠤᠨ ᠦᠵᠡᠯᠲᠡ᠂ ᠬᠡᠷ ᠪᠦᠯᠢ ᠶᠢᠨ ᠦᠵᠡᠯᠲᠡ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 11 ᠤ ᠡᠳᠦᠷ᠂ ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ ︽ᠵᠣᠯ ᠵᠢᠷᠭᠠᠯ ᠤᠨ ᠬᠤᠯᠪᠣᠭ᠎ᠠ ᠬᠠᠶᠢᠷ᠎ᠠ ᠬᠠᠯᠠᠮᠵᠢ ᠶᠢᠨ ᠪᠣᠯᠵᠤᠭ᠎ᠠ︾ ᠭᠤᠤᠯ ᠰᠡᠳᠦᠪᠲᠦ ᠠᠵᠢᠯᠯᠠᠭ᠎ᠠ ᠡᠷᠭᠢᠯᠡᠪᠡ᠃ ᠪᠦᠬᠦ ᠰᠢᠶᠠᠨ ᠤ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠢᠷᠡᠭᠰᠡᠨ 60 ᠭᠠᠷᠤᠢ ᠰᠢᠯᠢᠳᠡᠭ ᠭᠠᠭᠴᠠ ᠪᠡᠶ᠎ᠡ ᠵᠠᠯᠠᠭᠤ ᠠᠵᠢᠯᠳᠠᠨ ᠠᠵᠢᠯᠴᠢᠨ ᠬᠠᠮᠲᠤ ᠪᠠᠷ ᠨᠢᠭᠡ ᠤᠳᠠᠭᠠᠨ ᠤ ᠠᠭᠤᠵᠢᠭᠤ ᠲᠠᠯᠪᠢᠭᠤ᠂ ᠪᠠᠶᠠᠷ ᠬᠦᠷ ᠲᠠᠢ᠂ ᠬᠠᠯᠠᠭᠤᠨ ᠳᠤᠯᠠᠭᠠᠨ ᠷᠣᠮᠠᠨᠲ᠋ᠢᠭ ᠠᠶᠠᠯᠠᠯ ᠢ ᠡᠬᠢᠯᠡᠭᠦᠯᠪᠡ᠃
   ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠤᠯᠠᠠ ᠤ ᠡᠷᠡᠭᠡᠯᠵᠡᠭᠡ ᠶᠢ ᠠᠯᠳᠠᠷᠠᠭᠠᠬᠤ ᠶᠢᠨ ᠲᠥᠯᠥᠭᠡ᠂ ᠬᠦᠳᠦᠯᠦᠭᠴᠢ ᠠᠴᠠ ᠶᠦᠮᠦᠷᠯᠢᠭ ᠬᠡᠯᠪᠡᠷᠢ ᠪᠠᠷ ᠠᠵᠢᠯᠯᠠᠭ᠎ᠠ ᠶᠢᠨ ᠶᠠᠪᠤᠴᠠ ᠶᠢ ᠲᠦᠬᠦᠮ ᠲᠠᠨᠢᠯᠴᠠᠭᠤᠯᠪᠠ᠂ ᠲᠠᠷᠠᠭ᠎ᠠ  ᠨᠢ ᠲᠤᠭᠤᠷ ᠤᠨ ᠴᠡᠴᠡᠭ ᠳᠡᠯᠭᠡᠷᠡᠵᠦ᠂ ᠬᠠᠷᠢᠯᠴᠠᠨ ᠲᠡᠮᠡᠴᠡᠯᠳᠦᠬᠦ ᠵᠡᠷᠭᠡ ᠲᠣᠭᠯᠠᠭᠠᠮ ᠵᠠᠯᠭᠠᠭ᠎ᠠ ᠪᠠᠷ ᠳᠡᠯᠭᠡᠭᠳᠡᠵᠦ᠂ ᠤᠯᠠᠠ ᠢᠶᠠᠷ ᠢᠶᠠᠨ ᠢᠳᠡᠪᠬᠢᠲᠡᠢ ᠣᠷᠣᠯᠴᠠᠵᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠥᠪᠡᠷ ᠢ ᠪᠠᠨ ᠲᠠᠨᠢᠯᠴᠠᠭᠤᠯᠬᠤ ᠵᠢᠴᠢ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ ᠭᠤᠭᠴᠣᠭᠠᠨ ᠳᠤ᠂ ᠵᠠᠯᠠᠭᠤ ᠡᠷᠡᠭᠲᠡᠢ ᠡᠮᠡᠭᠲᠡᠢ ᠤᠷᠤᠯᠴᠠᠭᠰᠠᠳ ᠢᠳᠡᠪᠬᠢᠲᠡᠢ ᠪᠠᠷ ᠲᠠᠶᠢᠰᠠᠨ ᠳᠤ ᠭᠠᠷᠴᠤ ᠥᠪᠡᠷ ᠤᠨ ᠴᠤᠭ ᠵᠢᠪᠬᠤᠭ᠎ᠠ᠂ ᠢᠷᠠᠭᠤ ᠰᠠᠶᠢᠬᠠᠨ ᠳᠠᠭᠤᠤ᠂ ᠢᠨᠢᠶᠡᠳᠦᠮ ᠱᠤᠭ ᠲᠠᠢ ᠡᠯ ᠷᠧᠨ ᠵᠤᠸᠠᠨ ᠵᠡᠷᠭᠡ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠬᠥᠮᠦᠰ  ᠤᠨ ᠪᠠᠶᠠᠷ ᠪᠠᠭ᠋ᠠᠳᠤᠯ ᠢ ᠣᠯᠵᠤ᠂ ᠮᠠᠰᠢ ᠬᠦᠷ ᠬᠥᠭᠵᠢᠶᠡᠨ ᠲᠠᠢ ᠪᠠᠶᠢᠯ᠎ᠠ᠃
   ︽ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠨ ᠪᠢ ᠮᠠᠰᠢ ᠪᠠᠶᠠᠷᠲᠠᠶ ᠪᠠᠶᠢᠨ᠎ᠠ᠂ ᠡᠨᠡ ᠤᠳᠠᠭᠠᠨ  ᠤ ᠠᠵᠢᠯᠯᠠᠭ᠎ᠠ ᠨᠢ ᠮᠢᠨᠦ ᠬᠠᠷᠢᠯᠴᠠᠭᠠᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠪᠠᠰᠠ ᠨᠠᠩ ᠣᠯᠠᠨ ᠨᠠᠶᠢᠵᠠ ᠲᠠᠢ ᠪᠣᠯᠭᠠᠵᠠᠶ᠂ ᠪᠢ ᠡᠨᠡ ᠤᠳᠠᠭᠠᠨ ᠤ ᠠᠵᠢᠯᠯᠠᠭ᠎ᠠ ᠳᠤ ᠮᠢᠨᠦ ᠰᠡᠳᠬᠢᠯ ᠤᠨ ᠬᠠᠨᠢ ᠲᠠᠢ ᠪᠠᠨ ᠠᠭᠤᠯᠵᠠᠬᠤ ᠶᠢ ᠬᠦᠰᠡᠵᠦ ᠪᠠᠶᠢᠨ᠎ᠠ᠃︾ ᠭᠡᠵᠦ ᠡᠮᠡᠭᠲᠡᠶ ᠵᠣᠴᠢᠨ ᠢᠤᠢ ᠮᠧᠶ ᠾᠤᠢ ᠬᠡᠯᠡᠪᠡ᠃
   ︽ᠡᠮᠦᠨ᠎ᠡ ᠳᠡᠭᠡᠨ ᠴᠡᠷᠢᠭ ᠲᠤ ᠪᠠᠶᠢᠬᠤ ᠦᠶ᠎ᠡ ᠳᠤ ᠬᠡᠦᠬᠡᠨ ᠴᠥᠭᠡᠨ᠂ ᠳᠠᠷᠠᠭ᠎ᠠ ᠨᠢ ᠲᠤᠬᠠᠢ ᠶᠢᠨ ᠲᠠᠯᠠᠪᠤᠷ  ᠲᠤ ᠢᠷᠡᠭᠰᠡᠨ ᠤ ᠳᠠᠷᠠᠭ᠎ᠠ᠂ ᠲᠠᠨᠢᠯᠴᠠᠭᠤᠯᠭ᠎ᠠ ᠪᠠᠷ ᠳᠠᠮᠵᠢᠨ᠂ ᠬᠤᠶᠠᠭᠤᠯᠠ ᠲᠤᠩ ᠲᠠᠭᠠᠷᠠᠯᠴᠠᠨ᠎ᠠ᠂ ᠪᠠᠰᠠ ᠲᠤᠩ ᠵᠣᠯ ᠲᠠᠢ ᠰᠠᠨᠠᠭᠳᠠᠨ᠎ᠠ᠂ ᠠᠮᠵᠢᠯᠲᠠ ᠲᠠᠢ ᠪᠠᠷ ᠡᠨᠡ ᠬᠡᠦᠬᠡᠨ ᠲᠠᠢ ᠭᠠᠷ ᠬᠥᠲᠥᠯᠥᠯᠴᠡᠵᠡᠢ᠂ ᠳᠠᠷᠠᠭ᠎ᠠ ᠳᠤᠨᠢ ᠪᠢ ᠤᠳᠠᠯ ᠦᠭᠡᠢ ᠰᠠᠷᠭᠠᠢ ᠴᠡᠴᠡᠭ ᠪᠣᠯᠤᠨ ᠠᠵᠠ ᠵᠢᠷᠭᠠᠯ ᠤᠨ ᠫᠠᠶᠢᠰᠠ ᠪᠠᠨ ᠬᠠᠮᠲᠤ ᠲᠡᠷᠡ ᠳᠤᠷᠠᠲᠠᠢ ᠬᠡᠦᠬᠡᠨ ᠳᠤ ᠬᠦᠷᠭᠡᠨ᠎ᠡ᠃︾ ᠭᠡᠵᠦ ᠡᠷᠡᠭᠲᠡᠶ ᠵᠣᠴᠢᠨ ᠴᠧᠨ ᠰᠢ ᠭᠤᠸᠠᠩ ᠬᠡᠯᠡᠪᠡ᠃
   ᠡᠭᠦᠨ ᠠᠴᠠ ᠭᠠᠳᠠᠨ᠎ᠠ᠂ ᠠᠵᠢᠯᠯᠠᠭ᠎ᠠ ᠨᠢ ᠪᠠᠰᠠ ᠣᠷᠤᠭ ᠬᠤᠷᠢᠮ ᠤᠨ ᠵᠠᠩ ᠦᠶᠯᠡ ᠶᠢᠨ ᠥᠭᠡᠷᠡᠴᠢᠯᠡᠯᠲᠡ  ᠶᠢᠨ ᠰᠣᠶᠣᠯ ᠤᠨ ᠰᠠᠨᠠᠭᠠᠴᠢᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠢᠨ᠎ᠡ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠬᠠᠭᠤᠴᠢᠨ ᠶᠠᠷᠰᠢᠭ ᠲᠦᠪᠡᠭᠲᠡᠶ ᠣᠷᠤᠭ ᠬᠤᠷᠢᠮ ᠤᠨ ᠵᠠᠩ ᠦᠶᠯᠡ ᠶᠢᠨ ᠦᠵᠡᠯᠲᠡ ᠶᠢ ᠲᠠᠶᠠᠭᠳᠠᠵᠤ᠂ ᠬᠠᠶᠢᠷ᠎ᠠ ᠳᠤᠷᠠᠯᠠᠯ ᠤᠨ ᠮᠥᠨ ᠴᠢᠨᠠᠷ ᠪᠠ ᠬᠠᠷᠢᠯᠴᠠᠨ ᠣᠶᠢᠯᠠᠭᠠᠯᠴᠠᠬᠤ ᠪᠠ ᠬᠠᠷᠢᠯᠴᠠᠨ ᠬᠦᠨᠳᠦᠳᠬᠡᠬᠦ  ᠶᠢ ᠴᠢᠬᠤᠯᠠᠴᠢᠯᠠᠵᠤ᠂ ᠳᠥᠭᠦᠮ ᠳᠥᠲᠡ ᠪᠥᠭᠡᠳ ᠡᠯᠪᠡᠭ ᠪᠠᠶᠠᠯᠢᠭ ᠠᠭᠤᠯᠤᠭᠳᠠᠬᠤᠨ ᠤ ᠬᠡᠯᠪᠡᠷᠢ ᠪᠠᠷ ᠬᠥᠮᠦᠰ ᠲᠤ ᠰᠢᠨ᠎ᠡ ᠴᠠᠭ ᠦᠶ᠎ᠡ ᠶᠢᠨ ᠣᠷᠤᠭ ᠬᠤᠷᠢᠮ ᠤᠨ ᠰᠠᠶᠢᠨ ᠰᠠᠶᠢᠬᠠᠨ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠣᠷᠤᠭ ᠬᠤᠷᠢᠮ ᠤᠨ ᠥᠷᠲᠡᠭ ᠤᠨ ᠦᠵᠡᠯᠲᠡ  ᠲᠠᠢ ᠪᠣᠯᠭᠠᠵᠤ᠂ ᠨᠡᠶᠢᠭᠡᠮ ᠤᠨ ᠪᠣᠯᠪᠠᠰᠤᠨ᠂ ᠡᠷᠡᠭᠦᠯ᠂ ᠥᠭᠡᠳᠡᠷᠬᠡᠭ ᠣᠷᠤᠭ ᠬᠤᠷᠢᠮ ᠤᠨ ᠵᠠᠩ ᠦᠶᠯᠡ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠪᠠ᠃    ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢ ᠵᠢᠶᠦ᠋ᠨ ᠲᠠᠨᠢᠯᠴᠠᠭᠤᠯᠬᠤ  ᠳᠠᠭᠠᠨ᠄ ︽ᠪᠢᠳᠡᠨ ᠤ ᠡᠨᠡ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠠᠴᠢ ᠬᠤᠯᠪᠣᠭᠳᠠᠯ ᠪᠣᠯ ᠬᠡᠷ ᠪᠦᠯᠢ᠂ ᠬᠡᠷ  ᠤᠨ ᠰᠤᠷᠭᠠᠯ᠂ ᠬᠡᠷ ᠤᠨ ᠰᠤᠷᠲᠠᠯ ᠤᠨ ᠪᠠᠶᠢᠭᠤᠯᠤᠯᠲᠠ ᠶᠢ ᠨᠠᠩ ᠰᠠᠶᠢᠲᠤᠷ ᠠᠩᠬᠠᠷᠴᠤ᠂ ᠵᠠᠯᠠᠭᠤᠴᠤᠳ ᠲᠤ ᠵᠥᠪ ᠣᠨᠣᠪᠴᠢᠲᠠᠶ ᠣᠷᠤᠭ ᠢᠨᠠᠭ ᠤᠨ ᠦᠵᠡᠯᠲᠡ ᠪᠠ ᠬᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠡᠲᠡᠭᠡᠷ ᠨᠠᠰᠤ ᠠᠭᠢᠭᠰᠠᠨ ᠵᠠᠯᠠᠭᠤᠴᠤᠳ ᠲᠤ ᠨᠢᠭᠡ ᠲᠠᠪᠴᠠᠩ ᠬᠠᠩᠭᠠᠵᠤ᠂ ᠲᠡᠳᠡᠨ ᠢ ᠨᠠᠩ ᠰᠠᠶᠢᠨ ᠢᠶᠠᠷ ᠡᠷᠲᠡᠬᠡᠨ ᠬᠠᠨᠢ ᠨᠥᠬᠦᠷ  ᠲᠠᠢ ᠪᠣᠯᠭᠠᠬᠤ ᠶᠢᠨ ᠲᠥᠯᠥᠭᠡ ᠶᠤᠮ᠂ ᠬᠤᠶᠢᠰᠢᠳᠠ ᠪᠢᠳᠡ ᠦᠷᠭᠦᠯᠵᠢᠯᠡᠨ ᠡᠨᠡᠬᠦ ᠵᠣᠯ ᠵᠢᠷᠭᠠᠯ ᠲᠠᠢ ᠬᠤᠯᠪᠣᠭ᠎ᠠ ᠠᠪᠬᠤ ᠭᠤᠤᠯ ᠰᠡᠳᠦᠪᠲᠦ ᠠᠵᠢᠯᠯᠠᠭ᠎ᠠ ᠶᠢᠨ ᠲᠣᠭᠤᠷᠢᠨ ᠳᠤ᠂ ᠲᠤᠯᠤᠭᠠᠨ ᠰᠠᠷ᠎ᠠ ᠶᠢᠨ ᠲᠤᠯᠤᠭᠠᠨ ᠤ ᠡᠳᠦᠷ ᠡᠲᠡᠭᠡᠷ ᠭᠠᠭᠴᠠ ᠪᠡᠶ᠎ᠡ ᠵᠠᠯᠠᠭᠤ ᠡᠷᠡᠭᠲᠡᠶ ᠡᠮᠡᠭᠲᠡᠶ ᠳᠤ ᠡᠨᠡ ᠬᠦ ᠦᠶᠯᠡᠴᠢᠯᠡᠭᠡ ᠶᠢ ᠬᠠᠩᠭᠠᠨ᠎ᠠ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号