ᠵᠤᠨ ᠤ ᠤᠯᠠᠷᠢᠯ ᠳᠤ ᠰᠠᠭᠠᠯᠢ ᠶᠢᠨ ᠦᠨᠢᠶᠡᠨ ᠤ ᠰᠢᠮ᠎ᠡ ᠲᠡᠵᠢᠭᠡᠯ ᠢ ᠬᠡᠷᠬᠢᠨ ᠲᠣᠬᠢᠷᠠᠭᠤᠯᠬᠤ ᠲᠤᠬᠠᠢ
ᠨᠡᠶᠢᠲᠡᠯᠡᠭᠰᠡᠨ ᠴᠠᠭ᠄
2024/8/14
   ᠵᠤᠨ ᠤ ᠤᠯᠠᠷᠢᠯ ᠳᠤ ᠳᠤᠯᠠᠭᠠᠨ ᠤ ᠬᠡᠮᠵᠢᠶ᠎ᠡ ᠥᠨᠳᠥᠷ᠂ ᠰᠠᠭᠠᠯᠢ ᠶᠢᠨ ᠦᠨᠢᠶ᠎ᠡ ᠳᠤ ᠬᠠᠯᠠᠭᠤᠨ ᠤ ᠰᠡᠷᠡᠯᠵᠢᠯ ᠲᠦᠢᠯ ᠤᠨ ᠠᠮᠠᠷᠬᠠᠨ ᠡᠭᠦᠰᠳᠡᠭ᠃ ᠥᠨᠳᠥᠷ ᠬᠠᠯᠠᠭᠤᠨ ᠤ ᠰᠠᠭᠠᠯᠢ ᠶᠢᠨ ᠦᠨᠢᠶ᠎ᠡ ᠳᠤ ᠦᠵᠡᠭᠦᠯᠬᠦ ᠠᠰᠢᠭ ᠦᠭᠡᠢ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠰᠠᠭᠠᠯᠢ ᠶᠢᠨ ᠦᠨᠢᠶᠡᠨ ᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ᠂ ᠠᠷᠠᠴᠢᠯᠠᠯᠲᠠ ᠬᠠᠮᠢᠶᠠᠷᠤᠯᠲᠠ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠠᠯ᠎ᠠ ᠪᠠᠷ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠠᠴᠠ ᠭᠠᠳᠠᠨ᠎ᠠ᠂ ᠪᠠᠰᠠ ᠡᠷᠬᠡᠪᠰᠢ ᠰᠢᠮ᠎ᠡ ᠲᠡᠵᠢᠭᠡᠯ ᠤᠨ ᠲᠣᠬᠢᠷᠠᠭᠤᠯᠤᠯ ᠡᠵᠡᠮᠳᠡᠯ ᠬᠢᠬᠦ ᠬᠡᠷᠡᠭᠲᠡᠢ᠄    ᠨᠣᠭᠤᠭᠠᠨ ᠪᠣᠷᠳᠤᠭ᠎ᠠ ᠪᠠᠷ ᠲᠡᠵᠢᠭᠡᠨ᠎ᠡ᠃ ᠨᠣᠭᠤᠭᠠᠨ ᠰᠢᠭᠦᠰᠦᠯᠢᠭ ᠲᠡᠵᠢᠭᠡᠯ ᠪᠣᠷᠳᠣᠭᠠᠨ ᠳᠤ ᠨᠡᠭᠦᠷᠡᠰᠦ ᠤᠰᠤᠨ ᠤ ᠨᠢᠭᠡᠳᠪᠦᠷᠢ ᠪᠠ ᠤᠰᠤ ᠡᠯᠪᠡᠭ ᠠᠭᠤᠯᠤᠭᠳᠠᠵᠤ᠂ ᠢᠳᠡᠬᠦ ᠳᠤ ᠵᠣᠬᠢᠴᠠᠬᠤ ᠪᠠᠷ ᠪᠠᠷᠠᠬᠤ ᠦᠭᠡᠢ᠂ ᠬᠠᠯᠠᠭᠤᠨ ᠢ ᠰᠡᠷᠭᠡᠶᠢᠯᠡᠬᠦ ᠪᠠ ᠰᠠᠭᠠᠯᠢ ᠶᠢᠨ ᠦᠨᠢᠶᠡᠨ ᠤ ᠬᠠᠯᠠᠭᠤᠨ ᠤ ᠰᠡᠷᠡᠯᠵᠢᠯ ᠢ ᠨᠠᠮᠳᠠᠭᠤᠯᠬᠤ ᠳᠤ ᠲᠦᠢᠯ ᠤᠨ ᠠᠰᠢᠭ ᠲᠠᠢ ᠪᠠᠶᠢᠳᠠᠭ᠃ ᠭᠦᠢᠴᠡᠳ ᠬᠡᠮᠵᠢᠶᠡᠨ ᠤ ᠬᠠᠭᠤᠷᠠᠢ ᠪᠣᠳᠠᠰ ᠢ ᠰᠢᠩᠭᠡᠬᠡᠨ ᠠᠪᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠴᠢᠨᠠᠷ ᠰᠠᠶᠢᠲᠠᠢ ᠬᠥᠬᠡ ᠡᠪᠡᠰᠦ᠂ ᠬᠤᠯᠤᠤᠪᠠᠩ᠂ ᠳ᠋ᠦᠩᠭᠤᠸᠠ ᠵᠡᠷᠭᠡ ᠶᠢ ᠵᠣᠬᠢᠬᠤ ᠬᠡᠮᠵᠢᠶ᠎ᠡ ᠪᠠᠷ ᠲᠡᠵᠢᠭᠡᠬᠦ ᠨᠢ ᠰᠠᠭᠠᠯᠢ ᠶᠢᠨ ᠦᠨᠢᠶᠡᠨ ᠤ ᠰᠦᠨ ᠤ ᠭᠠᠷᠤᠯᠲᠠ ᠶᠢ ᠳᠡᠭᠡᠭᠰᠢᠯᠡᠭᠦᠯᠬᠦ ᠪᠠ ᠦᠨᠢᠶᠡᠨ ᠰᠦ᠋ ᠶᠢᠨ ᠰᠦᠨ ᠥᠭᠡᠬᠦ ᠶᠢᠨ ᠨᠤᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃    ᠰᠢᠩᠭᠡᠨ ᠪᠤᠳᠠᠭᠠᠨ ᠤ ᠪᠣᠷᠳᠤᠭ᠎ᠠ ᠪᠠᠷ ᠲᠡᠵᠢᠭᠡᠨ᠎ᠡ᠃ ᠬᠡᠰᠡᠭ ᠨᠠᠷᠢᠯᠢᠭ ᠪᠣᠷᠳᠤᠭ᠎ᠠ ᠶᠢ ᠰᠢᠩᠭᠡᠨ ᠪᠤᠷᠳᠤᠭ᠎ᠠ ᠪᠣᠯᠭᠠᠵᠤ᠂ ᠨᠠᠷᠢᠯᠢᠭ ᠪᠣᠷᠳᠤᠭ᠎ᠠ 1.5 ᠺᠢᠯᠣᠭ᠍ᠷᠠᠮ᠂ ᠬᠤᠯᠤᠤᠪᠠᠩ ᠢ 1.25 ᠺᠢᠯᠣᠭ᠍ᠷᠠᠮ ᠠᠴᠠ 2.5 ᠺᠢᠯᠣᠭ᠍ᠷᠠᠮ᠂ ᠤᠰᠤ 58 ᠺᠢᠯᠣᠭ᠍ᠷᠠᠮ ᠨᠡᠮᠡᠵᠦ᠂ ᠰᠢᠩᠭᠡᠨ ᠪᠤᠳᠠᠭ᠎ᠠ ᠰᠢᠭ᠋ ᠴᠢᠨᠠᠵᠤ᠂ ᠬᠥᠷᠥᠭᠡᠭᠰᠡᠨ ᠤ ᠳᠠᠷᠠᠭ᠎ᠠ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠳᠡᠭᠡᠷ᠎ᠡ ᠴᠢᠳᠬᠤᠨ ᠲᠡᠵᠢᠭᠡᠪᠡᠯ ᠰᠠᠭᠠᠯᠢ ᠶᠢᠨ ᠦᠨᠢᠶ᠎ᠡ ᠶᠢᠨ ᠰᠢᠭᠡᠯᠭᠡᠬᠦ ᠬᠡᠮᠵᠢᠶ᠎ᠡ ᠶᠢ ᠨᠡᠮᠡᠭᠳᠡᠭᠦᠯᠦᠨ᠎ᠡ᠃    ᠳᠠᠪᠤᠰᠤ ᠲᠠᠢ ᠤᠰᠤᠨ ᠤ ᠬᠡᠪᠡᠭ ᠤᠨ ᠱᠥᠯᠥ ᠤᠤᠭᠤᠯᠭᠠᠨ᠎ᠠ᠃ ᠰᠠᠭᠠᠯᠢ ᠶᠢᠨ ᠦᠨᠢᠶ᠎ᠡ ᠳᠤ ᠳᠠᠪᠤᠰᠤ ᠲᠠᠢ ᠤᠰᠤᠨ ᠤ ᠬᠡᠪᠡᠭ ᠤᠨ ᠱᠥᠯᠥ ᠤᠤᠭᠤᠯᠭᠠᠪᠠᠯ ᠰᠠᠭᠠᠯᠢ ᠶᠢᠨ ᠦᠨᠢᠶᠡᠨ ᠤ ᠢᠳᠡᠭᠡᠨ ᠤ ᠳᠤᠷᠠᠰᠢᠯ ᠢ ᠨᠡᠮᠡᠭᠳᠡᠭᠦᠯᠵᠦ᠂ ᠤᠤᠭᠤᠬᠤ ᠤᠰᠤᠨ ᠤ ᠬᠡᠮᠵᠢᠶ᠎ᠡ ᠶᠢ ᠪᠠᠲᠤᠯᠠᠨ᠂ ᠰᠣᠯᠢᠯᠴᠠᠭ᠎ᠠ ᠶᠢ ᠵᠣᠬᠢᠴᠠᠭᠤᠯᠵᠤ᠂ ᠰᠦᠨ ᠤ ᠭᠠᠷᠤᠯᠲᠠ ᠳᠣᠷᠣᠭᠰᠢᠯᠠᠬᠤ ᠶᠢ ᠪᠦᠲᠦᠮᠵᠢᠲᠡᠶ ᠬᠢᠵᠠᠭᠠᠷᠯᠠᠵᠤ ᠴᠢᠳᠠᠨ᠎ᠠ᠃ ᠦᠨᠢᠶ᠎ᠡ ᠪᠦᠷᠢ ᠳᠤ ᠤᠳᠠᠭ᠎ᠠ ᠪᠦᠷᠢ 50 ᠺᠢᠯᠣᠭ᠍ᠷᠠᠮ ᠤᠰᠤ ᠤᠤᠭᠤᠯᠭᠠᠵᠤ᠂ ᠳᠡᠭᠡᠷ᠎ᠡ ᠨᠢ ᠢᠳᠡᠭᠡᠨ ᠤ ᠳᠠᠪᠤᠰᠤ 50 ᠭᠷᠡᠮ᠂ ᠬᠡᠪᠡᠭ ᠢ 1 ᠺᠢᠯᠣᠭ᠍ᠷᠠᠮ ᠠᠴᠠ 1.5 ᠺᠢᠯᠣᠭ᠍ᠷᠠᠮ ᠨᠡᠮᠡᠵᠦ᠂ ᠡᠳᠦᠷ ᠲᠤ 3 ᠤᠳᠠᠭ᠎ᠠ ᠤᠤᠭᠤᠯᠭᠠᠨ᠎ᠠ᠃    ᠨᠣᠭᠤᠭᠠᠨ ᠪᠤᠷᠴᠠᠭ ᠤᠨ ᠰᠥᠮᠥᠰᠤ ᠤᠤᠭᠤᠯᠭᠠᠨ᠎ᠠ᠃ ᠨᠣᠭᠤᠭᠠᠨ ᠪᠤᠷᠴᠠᠭ ᠤᠨ ᠰᠦᠮᠦᠰᠦ ᠨᠢ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ᠂ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠦᠢᠯᠡᠳᠦᠯ ᠲᠠᠢ᠃ ᠨᠥᠬᠦᠴᠡᠯ ᠲᠠᠢ ᠲᠡᠵᠢᠭᠡᠪᠦᠷᠢ ᠶᠢᠨ ᠲᠠᠯᠠᠪᠠᠢ ︵ᠡᠷᠦᠬᠡ ︶ ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠳᠤ ᠨᠣᠭᠤᠭᠠᠨ ᠪᠤᠷᠴᠠᠭ ᠤᠨ ᠰᠥᠮᠥᠰᠤ ᠤᠤᠭᠤᠯᠭᠠᠵᠤ᠂ ᠰᠢᠨ᠎ᠡ ᠰᠣᠷᠭᠤᠭ ᠨᠣᠭᠤᠭᠠᠨ ᠪᠤᠷᠴᠠᠭ ᠢ 1 ᠺᠢᠯᠣᠭ᠍ᠷᠠᠮ ᠠᠴᠠ 1.5 ᠺᠢᠯᠣᠭ᠍ᠷᠠᠮ᠂ 4 ᠺᠢᠯᠣᠭ᠍ᠷᠠᠮ ᠠᠴᠠ 5 ᠺᠢᠯᠣᠭ᠍ᠷᠠᠮ ᠤᠰᠤᠨ ᠳᠤ 1 ᠴᠠᠭ ᠠᠴᠠ 2 ᠴᠠᠭ ᠪᠤᠴᠠᠯᠭᠠᠨ᠂ ᠲᠡᠭᠡᠷ᠎ᠡ ᠨᠢ ᠳᠠᠬᠢᠭᠠᠳ 40 ᠺᠢᠯᠣᠭ᠍ᠷᠠᠮ ᠴᠡᠪᠡᠷ ᠤᠰᠤ ᠬᠢᠵᠦ᠂ ᠡᠳᠦᠷ ᠲᠤ 1 ᠤᠳᠠᠭ᠎ᠠ ᠤᠤᠭᠤᠯᠭᠠᠨ᠎ᠠ᠃    ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ ᠶᠢ ᠨᠥᠬᠦᠪᠦᠷᠢᠯᠡᠨ᠎ᠡ᠃ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ ᠶᠢ ᠨᠥᠬᠦᠪᠦᠷᠢᠯᠡᠬᠦ ᠨᠢ ᠰᠠᠭᠠᠯᠢ ᠶᠢᠨ ᠦᠨᠢᠶᠡᠨ ᠤ ᠪᠡᠶ᠎ᠡ ᠶᠢᠨ ᠳᠣᠲᠣᠷᠠᠬᠢ ᠬᠦᠴᠢᠯ ᠱᠦᠯᠲᠦ ᠶᠢᠨ ᠲᠡᠩᠴᠡᠭᠦᠷᠢ ᠶᠢ ᠪᠠᠲᠤᠯᠠᠬᠤ ᠳᠤ ᠠᠰᠢᠭᠲᠠᠢ᠂ ᠪᠠᠰᠠ ᠰᠢᠩᠭᠡᠭᠡᠯᠲᠡ ᠶᠢ ᠲᠤᠰᠠᠯᠠᠬᠤ ᠦᠢᠯᠡᠳᠦᠯ ᠲᠠᠢ ᠪᠠᠶᠢᠵᠤ᠂ ᠰᠠᠭᠠᠯᠢ ᠶᠢᠨ ᠦᠨᠢᠶᠡᠨ ᠤ ᠢᠳᠡᠰᠢᠯᠡᠬᠦ ᠬᠡᠮᠵᠢᠶ᠎ᠡ ᠶᠢ ᠳᠡᠭᠡᠭᠰᠢᠯᠡᠭᠦᠯᠵᠦ ᠪᠣᠯᠣᠨ᠎ᠠ᠃ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ ᠶᠢᠨ ᠬᠡᠷᠡᠭᠯᠡᠬᠦ ᠬᠡᠮᠵᠢᠶ᠎ᠡ ᠨᠢ ᠶᠡᠷᠦ ᠳᠡᠭᠡᠨ ᠨᠠᠷᠢᠯᠢᠭ ᠪᠣᠷᠳᠣᠭᠠᠨ ᠤ 3.84% ᠶᠢ ᠡᠵᠡᠯᠡᠨ᠎ᠡ᠂ ᠡᠰᠡᠬᠦᠯ᠎ᠡ ᠡᠳᠦᠷ ᠪᠦᠷᠢ ᠰᠠᠭᠠᠯᠢ ᠶᠢᠨ ᠦᠨᠢᠶ᠎ᠡ ᠪᠦᠷᠢ ᠳᠤ 340 ᠭᠷᠡᠮ ᠬᠡᠷᠡᠭᠯᠡᠵᠦ᠂ ᠨᠢᠮᠪᠡᠭᠡ ᠶᠢᠨ ᠬᠦᠴᠢᠯ ᠲᠠᠢ ᠬᠠᠮᠲᠤ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃    ᠾᠯᠣᠷᠲᠤ ᠺᠠᠯᠢ ᠶᠢ ᠨᠥᠬᠦᠪᠦᠷᠢᠯᠡᠨ᠎ᠡ᠃ ᠰᠠᠭᠠᠯᠢ ᠶᠢᠨ ᠦᠨᠢᠶ᠎ᠡ ᠳᠤ ᠬᠠᠯᠠᠭᠤᠨ ᠤ ᠰᠡᠷᠡᠯᠵᠢᠯ ᠡᠭᠦᠰᠬᠦ ᠦᠶ᠎ᠡ ᠳᠤ ᠂ ᠺᠠᠯᠢ ᠶᠢᠨ ᠭᠠᠳᠠᠭᠰᠢᠯᠠᠬᠤ ᠬᠡᠮᠵᠢᠶ᠎ᠡ ᠮᠡᠳᠡᠭᠳᠡᠮ᠎ᠡ ᠨᠡᠮᠡᠭᠳᠡᠵᠦ᠂ ᠴᠢᠰᠤᠨ ᠳᠣᠲᠣᠷᠠᠬᠢ ᠺᠠᠯᠢ ᠶᠢᠨ ᠠᠭᠤᠯᠤᠭᠳᠠᠴᠠ ᠶᠢ ᠳᠣᠷᠣᠭᠰᠢᠯᠠᠭᠤᠯᠳᠠᠭ ᠤᠴᠢᠷ ᠠᠴᠠ ᠡᠷᠬᠡᠪᠰᠢ ᠺᠠᠯᠢ ᠶᠢ ᠨᠥᠬᠦᠪᠦᠷᠢᠯᠡᠬᠦ ᠬᠡᠷᠡᠭᠲᠡᠢ᠃ ᠶᠡᠷᠦ ᠳᠡᠭᠡᠨ ᠰᠠᠭᠠᠯᠢ ᠶᠢᠨ ᠦᠨᠢᠶ᠎ᠡ ᠶᠢᠨ ᠤᠤᠭᠤᠬᠤ ᠤᠰᠤᠨ ᠳᠤ ᠪᠤᠶᠤ ᠡᠳᠦᠷ ᠤᠨ ᠲᠡᠵᠢᠭᠡᠯ ᠪᠣᠷᠳᠣᠭᠠᠨ ᠳᠤ ᠾᠯᠣᠷᠲᠤ ᠺᠠᠯᠢ ᠶᠢ ᠨᠡᠮᠡᠵᠦ ᠪᠣᠯᠣᠨ᠎ᠠ᠂ ᠨᠡᠮᠡᠬᠦ ᠬᠡᠮᠵᠢᠶ᠎ᠡ ᠨᠢ ᠡᠳᠦᠷ ᠪᠦᠷᠢ ᠰᠠᠭᠠᠯᠢ ᠶᠢᠨ ᠦᠨᠢᠶ᠎ᠡ ᠪᠦᠷᠢ ᠳᠤ 60 ᠭᠷᠡᠮ ᠠᠴᠠ 80 ᠭᠷᠡᠮ ᠪᠠᠶᠢᠳᠠᠭ᠃    ᠸᠢᠲ᠋ᠠᠮᠢᠨ C ᠪᠣᠯᠣᠨ ᠸᠢᠲ᠋ᠠᠮᠢᠨ E ᠨᠥᠬᠦᠪᠦᠷᠢᠯᠡᠨ᠎ᠡ᠃ ᠰᠠᠭᠠᠯᠢ ᠶᠢᠨ ᠦᠨᠢᠶ᠎ᠡ ᠶᠢᠨ ᠬᠠᠯᠠᠭᠤᠨ ᠤ ᠰᠡᠷᠡᠯᠵᠢᠯ ᠡᠭᠦᠰᠬᠦ ᠦᠶ᠎ᠡ ᠳᠤ ᠸᠢᠲ᠋ᠠᠮᠢᠨ C ᠨᠡᠶᠢᠯᠡᠯᠭᠡ ᠶᠢᠨ ᠴᠢᠳᠠᠪᠤᠷᠢ ᠨᠢ ᠪᠠᠭᠤᠷᠠᠵᠤ᠂ ᠬᠡᠷᠡᠭᠰᠡᠬᠦ ᠬᠡᠮᠵᠢᠶ᠎ᠡ ᠨᠢ ᠬᠠᠷᠢᠨ ᠨᠡᠮᠡᠭᠳᠡᠳᠡᠭ᠃ ᠡᠶᠢᠮᠦ ᠠᠴᠠ ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠰᠠᠭᠠᠯᠢ ᠶᠢᠨ ᠦᠨᠢᠶ᠎ᠡ ᠳᠤ ᠸᠢᠲ᠋ᠠᠮᠢᠨ C ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠂ ᠵᠤᠨ ᠤ ᠤᠯᠠᠷᠢᠯ ᠳᠤ ᠶᠡᠷᠦ ᠳᠡᠭᠡᠨ ᠰᠠᠭᠠᠯᠢ ᠶᠢᠨ ᠦᠨᠢᠶᠡᠨ ᠤ ᠲᠡᠵᠢᠭᠡᠯ ᠪᠣᠷᠳᠣᠭᠠᠨ ᠳᠤ 0.04% — 0.06% ᠶᠢᠨ ᠸᠢᠲ᠋ᠠᠮᠢᠨ C ᠨᠡᠮᠡᠵᠦ ᠪᠣᠯᠣᠨ᠎ᠠ᠃ ᠸᠢᠲ᠋ᠠᠮᠢᠨ E ᠨᠢ ᠰᠠᠭᠠᠯᠢ ᠶᠢᠨ ᠦᠨᠢᠶᠡᠨ ᠤ ᠪᠡᠶ᠎ᠡ ᠳᠠᠬᠢ ᠥᠭᠡᠬᠦ ᠶᠢᠨ ᠢᠰᠦᠯᠳᠦᠬᠦ ᠪᠠ ᠡᠪᠳᠡᠭᠳᠡᠬᠦ ᠶᠢ ᠰᠡᠷᠭᠡᠶᠢᠯᠡᠵᠦ ᠴᠢᠳᠠᠬᠤ ᠪᠥᠭᠡᠳ ᠪᠤᠰᠤᠳ ᠸᠢᠲ᠋ᠠᠮᠢᠨ ᠢᠰᠦᠯᠳᠦᠬᠦ ᠶᠢ ᠴᠦ ᠰᠡᠷᠭᠡᠶᠢᠯᠡᠵᠦ ᠴᠢᠳᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号