ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 《 ᠲᠦᠴᠢᠦᠸᠠᠨ ᠰᠢᠶᠠᠨ ᠤ 2024 ᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/15
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄  《 ᠬᠢᠩᠭᠠᠨ ᠠᠶᠢᠮᠠᠭ ᠤᠨ 2024 ᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠲᠥᠰᠦᠯ 》 ( ᠲᠠᠷᠢᠶᠠᠯᠠᠩ ᠮᠠᠯ ᠠᠵᠤ ᠠᠬᠤᠶ 2020320 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ 《 2024 ᠣᠨ ᠤ ᠲᠦᠴᠢᠦᠸᠠᠨ ᠰᠢᠶᠠᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ 》 ᠢ ᠲᠣᠭᠲᠠᠭᠠᠪᠠ᠂ ᠣᠲᠣ ᠲᠥᠰᠦᠯ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ  ᠃                     2024 ᠣᠨ ᠤ 8 ᠰᠠᠷ᠎ᠠ ᠶᠢᠨ 12 ᠤᠨ ᠡᠳᠦᠷ  ᠲᠦᠴᠢᠦᠸᠠᠨ ᠰᠢᠶᠠᠨ ᠤ 2024 ᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠦᠯ      ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠠᠷ ᠪᠥᠬᠦ ᠲᠠᠯ᠎ᠠ ᠪᠠᠷ ᠲᠤᠭᠤᠰᠢᠯᠠᠭᠤᠯᠤᠨ᠂ ᠣᠳᠣᠬᠠᠨ ᠤ ᠪᠠ ᠠᠯᠤᠰ ᠬᠡᠲᠦ  ᠶᠢ ᠨᠢᠭᠡᠳᠦᠯᠲᠡᠶ ᠲᠥᠯᠥᠪᠵᠢᠭᠦᠯᠵᠦ᠂ ᠦᠶᠯᠡᠳᠪᠦᠷᠢᠯᠡᠯ ᠪᠠ ᠠᠮᠢ ᠠᠬᠤᠶ ᠶᠢ ᠵᠣᠬᠢᠴᠠᠭᠤᠯᠤᠨ᠂ ᠬᠡᠷᠡᠭᠯᠡᠬᠦ ᠭᠠᠵᠠᠷ ᠪᠠ ᠰᠢᠮ᠎ᠡ ᠲᠡᠵᠢᠭᠡᠯ ᠢ ᠬᠠᠮᠲᠤ ᠳᠤᠨᠢ ᠬᠠᠷᠠᠭᠠᠯᠵᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠶᠡᠭᠡ ᠲᠠᠯᠠᠪᠠᠶ ᠪᠠᠷ ᠨᠢᠭᠡᠴᠢ ᠤᠨᠠᠯᠲᠠ ᠶᠢ ᠳᠡᠭᠡᠭᠰᠢᠯᠡᠭᠦᠯᠬᠦ᠂ ᠠᠮᠤ ᠪᠤᠳᠠᠭ᠎ᠠ ᠲᠣᠰᠣᠨ ᠤ ᠴᠢᠨᠠᠷ ᠰᠠᠶᠢᠲᠠᠶ ᠬᠥᠭᠵᠢᠯᠲᠡ ᠶᠢ ᠳᠣᠪᠣᠶᠢᠯᠭᠠᠨ᠂ ᠭᠤᠤᠯᠳᠠᠯᠭ᠎ᠠ ᠲᠠᠢ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢ ᠲᠣᠳᠣᠷᠬᠠᠶᠢᠯᠠᠨ᠂ ᠮᠡᠷᠭᠡᠵᠢᠯ ᠤᠨ ᠠᠷᠭ᠎ᠠ ᠵᠠᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠦᠷᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠪᠠᠬᠢᠵᠢᠭᠦᠯᠦᠨ᠂ ᠲᠥᠮᠥᠰᠥ᠂ ᠡᠯᠳᠡᠪ ᠠᠮᠤ ᠪᠤᠳᠠᠭ᠎ᠠ᠂ ᠰᠢᠬᠢᠷ ᠯᠤᠤᠪᠠᠩ ᠵᠡᠷᠭᠡ  ᠃ 2024 ᠣᠨ ᠳᠤ ᠮᠠᠨ ᠤ ᠰᠢᠶᠠᠨ ᠤ ᠬᠡᠷᠡᠭᠵᠢᠭᠦᠯᠦᠭᠰᠡᠨ 5 . 4 ᠲᠦᠮᠡᠨ ᠮᠥ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠠᠯᠠᠪᠠᠶ ( ᠡᠭᠦᠨ ᠳᠤ 1 . 4 ᠲᠦᠮᠡᠨ ᠮᠥ ᠨᠢ ᠳᠡᠭᠡᠷ᠎ᠡ ᠵᠢᠯ ᠤᠨ ᠦᠯᠡᠳᠡᠭᠰᠡᠨ ᠲᠠᠯᠠᠪᠠᠶ ᠪᠣᠯᠤᠨ᠎ᠠ᠂ 4 ᠲᠦᠮᠡᠨ ᠮᠥ ᠨᠢ ᠲᠣᠰ ᠵᠢᠯ ᠤᠨ ᠡᠭᠦᠷᠭᠡ ᠪᠣᠯᠤᠨ᠎ᠠ ) ᠶᠢ ᠪᠦᠲᠦᠮᠵᠢᠲᠡᠶ ᠪᠡᠶᠡᠯᠡᠭᠦᠯᠵᠦ᠂ ᠠᠮᠤ ᠪᠤᠳᠠᠭ᠎ᠠ ᠶᠢ ᠦᠨᠳᠦᠰᠦᠨ ᠳᠡᠭᠡᠨ ᠥᠪᠡᠷᠲᠡᠭᠡᠨ ᠬᠠᠩᠭᠠᠬᠤ᠂ ᠬᠦᠨᠡᠰᠦᠨ ᠠᠮᠤ ᠶᠢᠨ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠰᠢᠷ᠎ᠠ ᠪᠤᠷᠴᠠᠭ ᠤᠨ ᠲᠣᠰᠣᠨ ᠤ ᠥᠪᠡᠷ ᠢ ᠪᠠᠨ ᠬᠠᠩᠭᠠᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠪᠠ  ᠃    ᠬᠤᠶᠠᠷ᠂ ᠠᠵᠢᠯ ᠤᠨ ᠡᠭᠦᠷᠭᠡ ᠪᠠ ᠡᠭᠡᠯᠵᠢᠯᠡᠨ ᠳᠠᠷᠢᠬᠤ ᠵᠠᠭᠪᠤᠷ    ( ᠨᠢᠭᠡ ) ᠠᠵᠢᠯ ᠤᠨ ᠡᠭᠦᠷᠭᠡ  ᠃ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠥᠷᠭᠡᠳᠬᠡᠨ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠰᠢᠬᠢᠷ ᠯᠤᠤᠪᠠᠩ ᠵᠡᠷᠭᠡ ᠣᠨᠴᠠᠯᠢᠭᠲᠤ ᠠᠵᠤ ᠠᠬᠤᠢ ᠶᠢᠨ ᠲᠠᠷᠢᠮᠠᠯ ᠢ ᠳᠡᠮᠵᠢᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠮᠡᠷᠭᠡᠵᠢᠯ ᠢ ᠳᠡᠯᠭᠡᠷᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠬᠠᠮᠲᠤ ᠳᠤᠨᠢ ᠬᠠᠷᠠᠭᠠᠯᠵᠠᠨ ᠳᠠᠮᠵᠢᠵᠤ᠂ ᠡᠯ᠎ᠡ ᠭᠠᠵᠠᠷ ᠤᠨ ᠬᠢᠨ ᠢ ᠵᠣᠷᠢᠭᠵᠢᠭᠤᠯᠵᠤ ᠪᠠᠶᠢᠭᠠᠳ ᠪᠣᠳᠠᠲᠠᠶ ᠲᠠᠢ ᠪᠠᠨ ᠤᠶᠠᠯᠳᠤᠭᠤᠯᠤᠨ ᠣᠨᠴᠠᠯᠢᠭᠲᠤ ᠠᠵᠤ ᠠᠬᠤᠢ ᠶᠢᠨ ᠲᠠᠷᠢᠮᠠᠯ ᠤᠨ ᠵᠣᠬᠢᠬᠤ ᠬᠡᠮᠵᠢᠶ᠎ᠡ ᠪᠠᠷ ᠬᠥᠭᠵᠢᠬᠦ ᠶᠢ ᠳᠡᠮᠵᠢᠬᠦ ᠬᠡᠷᠡᠭᠲᠡᠶ  ᠃    ( ᠬᠤᠶᠠᠷ ) ᠡᠭᠡᠯᠵᠢᠯᠡᠨ ᠳᠠᠷᠢᠬᠤ ᠵᠠᠭᠪᠤᠷ  ᠃ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠲᠠᠯᠠᠪᠠᠢ ᠶᠢ ᠲᠣᠭᠲᠠᠭᠤᠨ ᠪᠠᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ 《 ᠨᠢᠭᠡ ᠭᠤᠣᠯ ᠣᠯᠠᠨ ᠬᠠᠪᠰᠤᠷᠤᠮᠵᠢ 》 ᠡᠭᠡᠯᠵᠢᠯᠡᠨ ᠲᠠᠷᠢᠬᠤ ᠵᠠᠭᠪᠤᠷ ᠢ ᠳᠡᠯᠭᠡᠷᠡᠭᠦᠯᠵᠦ᠂ ᠠᠶᠢᠮᠠᠭ ᠤᠨ ᠬᠡᠷᠡᠭᠵᠢᠭᠦᠯᠬᠦ ᠲᠥᠰᠦᠯ ᠤᠨ ᠮᠡᠷᠭᠡᠵᠢᠯ ᠤᠨ ᠠᠷᠭ᠎ᠠ ᠵᠠᠮ ᠢ ᠦᠨᠳᠦᠰᠦᠯᠡᠨ᠂ ᠮᠠᠨ ᠤ ᠰᠢᠶᠠᠨ ᠤ ᠲᠠᠷᠢᠮᠠᠯ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠡᠷᠳᠡᠨᠢ ᠰᠢᠰᠢ ᠪᠠ ᠰᠢᠷ᠎ᠠ ᠪᠤᠷᠴᠠᠭ ᠢ ᠡᠭᠡᠯᠵᠢᠯᠡᠨ ᠲᠠᠷᠢᠬᠤ ᠵᠢᠴᠢ ᠲᠥᠮᠥᠰᠥ᠂ ᠡᠯᠳᠡᠪ ᠠᠮᠤ ᠪᠤᠷᠴᠠᠭ᠂ ᠰᠢᠬᠢᠷ ᠯᠤᠤᠪᠠᠩ ᠵᠡᠷᠭᠡ ᠠᠵᠤ ᠠᠬᠤᠢ ᠶᠢᠨ ᠲᠠᠷᠢᠮᠠᠯ ᠪᠠ ᠡᠷᠳᠡᠨᠢ ᠰᠢᠰᠢ᠂ ᠰᠢᠷ᠎ᠠ ᠪᠤᠷᠴᠠᠭ ᠢ ᠡᠭᠡᠯᠵᠢᠯᠡᠨ ᠲᠠᠷᠢᠬᠤ ᠶᠢ ᠬᠡᠷᠡᠭᠵᠢᠭᠦᠯᠦᠨ᠎ᠡ  ᠃ ᠰᠢᠷ᠎ᠠ ᠪᠤᠷᠴᠠᠭ᠂ ᠠᠵᠤ ᠠᠬᠤᠶ ᠶᠢᠨ ᠲᠠᠷᠢᠮᠠᠯ ᠵᠢᠴᠢ 2024 ᠣᠨ ᠳᠤ ᠡᠷᠳᠡᠨᠢ ᠰᠢᠰᠢ ᠳᠠᠷᠢᠬᠤ ᠳᠤ ᠤᠰᠤᠨ ᠲᠤᠲᠤᠷᠭ᠎ᠠ ᠶᠢ ᠡᠭᠡᠯᠵᠢᠯᠡᠨ ᠳᠠᠷᠢᠬᠤ ᠬᠡᠪᠴᠢᠶᠡᠨ ᠳᠤ ᠣᠷᠣᠭᠤᠯᠬᠤ ᠥᠬᠡᠶ  ᠃ 2022 ᠣᠨ ᠳᠤ ᠡᠷᠳᠡᠨᠢ ᠰᠢᠰᠢ ᠵᠡᠷᠭᠡ ᠪᠤᠰᠤᠳ ᠲᠠᠷᠢᠮᠠᠯ ᠢ ᠳᠠᠷᠢᠵᠤ᠂ 2023 ᠣᠨ ᠳᠤ ᠰᠢᠷ᠎ᠠ ᠪᠤᠷᠴᠠᠭ ᠢ ᠡᠭᠡᠯᠵᠢᠯᠡᠨ ᠳᠠᠷᠢᠵᠤ᠂ 2024 ᠣᠨ  ᠳᠤ ᠮᠥᠨ ᠰᠢᠷ᠎ᠠ ᠪᠤᠷᠴᠠᠭ ᠳᠠᠷᠢᠭᠰᠠᠳ ᠢ ᠡᠭᠡᠯᠵᠢᠯᠡᠨ ᠳᠠᠷᠢᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ  ᠃    ᠭᠤᠷᠪᠠ᠂ ᠭᠤᠣᠯ ᠠᠵᠢᠯ    ( ᠨᠢᠭᠡ ) ᠲᠤᠰᠠᠯᠠᠬᠤ ᠠᠷᠭ᠎ᠠ ᠮᠠᠶ᠋ᠢᠭ  ᠃ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠠᠯᠠᠪᠠᠶ ᠶᠢᠨ ᠡᠭᠦᠷᠭᠡ  ᠶᠢ ᠪᠡᠶᠡᠯᠡᠭᠦᠯᠬᠦ ᠶᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠨᠥᠬᠦᠪᠥᠷᠢ ᠶᠢᠨ ᠪᠠᠷᠢᠮᠵᠢᠶ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠠᠯᠢ ᠴᠢᠳᠠᠬᠤ ᠪᠠᠷ ᠪᠠᠲᠤᠯᠠᠵᠤ᠂ ᠪᠡᠯᠡᠨ ᠵᠣᠭᠤᠰ ᠢᠶᠠᠷ ᠨᠥᠬᠦᠪᠥᠷᠢᠯᠡᠬᠦ ᠬᠡᠷᠡᠭᠲᠡᠶ᠂ ᠪᠠᠰᠠ ᠲᠤᠬᠠᠶ  ᠶᠢᠨ ᠵᠢᠯ ᠤᠨ ᠪᠣᠳᠠᠲᠠᠶ ᠡᠭᠡᠯᠵᠢᠯᠡᠨ ᠳᠠᠷᠢᠬᠤ ᠪᠠᠶᠢᠳᠠᠯ ᠢ ᠦᠨᠳᠦᠰᠦᠯᠡᠨ᠂ ᠬᠡᠷᠡᠭᠵᠢᠭᠦᠯᠬᠦ ᠲᠠᠯᠠᠪᠠᠶ ᠶᠢ ᠥᠷᠭᠡᠳᠬᠡᠵᠦ᠂ ᠮᠥ ᠪᠦᠷᠢ ᠶᠢᠨ ᠳᠤᠮᠳᠠᠴᠢ ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ ᠪᠠᠭᠤᠷᠠᠭᠤᠯᠵᠤ ᠪᠣᠯᠤᠨ᠎ᠠ  ᠃ ᠡᠭᠡᠯᠵᠢᠯᠡᠨ ᠳᠠᠷᠢᠬᠤ ᠨᠥᠬᠦᠪᠥᠷᠢ ᠬᠢᠭᠡᠳ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠦᠶᠯᠡᠳᠪᠦᠷᠢᠯᠡᠭᠴᠢ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠬᠠᠷᠢᠯᠴᠠᠨ ᠵᠣᠯᠭᠠᠭᠤᠯᠵᠤ᠂ ᠠᠳᠠᠯᠢ ᠴᠢᠭᠯᠡᠯ ᠢᠶᠠᠷ ᠬᠦᠴᠦᠯᠡᠵᠦ᠂ ᠲᠠᠷᠢᠶᠠᠯᠠᠩ  ᠤᠨ ᠦᠶᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠤᠭᠰᠠᠨ ᠬᠥᠳᠡᠯᠦᠩᠭᠦᠶ ᠨᠥᠬᠦᠪᠥᠷᠢ ᠥᠭᠬᠦ ᠠᠷᠭ᠎ᠠ ᠶᠢ ᠰᠦᠪᠡᠭᠴᠢᠯᠡᠨ ᠪᠠᠶᠢᠭᠤᠯᠵᠤ᠂ ᠪᠠᠯᠠ ᠮᠥᠩᠭᠦ  ᠶᠢᠨ ᠤᠷᠮᠠᠰᠢᠭᠤᠯᠬᠤ ᠦᠶᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠬᠡᠪᠴᠢᠶᠡᠲᠦ ᠡᠵᠡᠩᠨᠡᠯᠲᠡ ᠶᠢᠨ ᠭᠤᠤᠯ ᠴᠣᠭᠴᠠ ᠪᠠ ᠲᠠᠷᠢᠮᠠᠯ ᠤᠨ ᠡᠷᠦᠬᠡ ᠶᠢᠨ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ  ᠃   ( ᠬᠤᠶᠠᠷ ) ᠭᠠᠵᠠᠷ ᠲᠠᠷᠢᠶ᠎ᠠ ᠶᠢ ᠬᠠᠷᠭᠤᠭᠤᠯᠤᠨ ᠪᠠᠶᠢᠴᠠᠭᠠᠬᠤ  ᠃ ᠲᠥᠷᠥᠯ ᠵᠦᠶᠯ ᠤᠨ ᠡᠭᠦᠷᠭᠡ ᠶᠢ ᠬᠠᠤᠯᠢ ᠶᠣᠰᠣᠨ ᠤ ᠲᠠᠷᠢᠶᠠᠨ ᠭᠠᠵᠠᠷ ᠲᠤ ᠨᠠᠶᠢᠳᠠᠪᠤᠷᠢᠵᠢᠭᠤᠯᠵᠤ᠂ ᠳᠡᠭᠡᠷ᠎ᠡ ᠵᠢᠯ ᠤᠨ ᠲᠠᠷᠢᠮᠠᠯ ᠲᠠᠢ ᠳᠠᠬᠢᠨ ᠳᠠᠷᠢᠬᠤ ᠥᠬᠡᠶ᠂ ᠵᠠᠷᠴᠢᠮ ᠳᠡᠭᠡᠷ᠎ᠡ ᠪᠠᠨ ᠲᠥᠪᠯᠡᠷᠡᠭᠦᠯᠦᠨ ᠵᠠᠯᠭᠠᠯᠳᠤᠭᠤᠯᠤᠨ᠎ᠠ  ᠃ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠭᠠᠵᠠᠷ ᠰᠢᠷᠣᠶ ᠶᠢᠨ ᠰᠢᠨᠵᠢ ᠴᠢᠨᠠᠷ ᠤᠨ ᠦᠨᠡᠨ ᠪᠣᠳᠠᠲᠤ ᠴᠢᠨᠠᠷ᠂ ᠬᠦᠴᠦᠨ ᠪᠥᠬᠦᠶ ᠴᠢᠨᠠᠷ ᠢ ᠪᠠᠶᠢᠭ᠎ᠠ ᠰᠢᠶᠠᠩ ᠪᠠᠯᠭᠠᠰᠤᠨ  ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠢᠨᠠᠨ ᠬᠠᠷᠭᠤᠭᠤᠯᠤᠨ᠎ᠠ  ᠃ ᠭᠠᠵᠠᠷ ᠤᠨ ᠭᠠᠳᠠᠷᠭᠤ ᠶᠢᠨ ᠪᠠᠶᠢᠷᠢᠯᠠᠯ ᠳᠤ ᠶᠤᠸᠠᠨ ᠤ ᠵᠠᠮ ᠤᠨ ᠤᠷᠲᠤᠷᠢᠭ ᠤᠨ WGS - 84 ᠪᠠᠶᠢᠷᠢᠰᠢᠯ ᠤᠨ ᠰᠢᠰᠲ᠋ᠧᠮ ( ᠵᠢᠱᠢᠶᠡᠯᠡᠪᠡᠯ᠄ 120 . 123456᠂ 46 . 123456 ᠡᠨᠡ ᠬᠦ ᠠᠷᠪᠠᠲᠤ ᠶᠢᠨ ᠪᠤᠲᠠᠷᠬᠠᠶ ᠶᠢᠨ ᠴᠡᠭ ᠢ 46 ᠣᠷᠣᠨᠲᠤ ᠬᠡᠯᠪᠡᠷᠢ ᠪᠠᠷ ᠦᠯᠡᠳᠡᠭᠡᠨ᠎ᠡ ) ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠰᠢᠶᠠᠩ ᠪᠠᠯᠭᠠᠰᠤ ᠠᠴᠠ ᠲᠣᠰᠬᠤᠨ  ᠤ ᠱᠠᠲᠤ ᠶᠢ ᠰᠢᠮᠳᠠᠭᠤᠯᠵᠤ ᠪᠠᠶᠢᠭᠠᠳ ᠲᠠᠯᠠᠪᠠᠶ ᠶᠢ ᠨᠢ ᠬᠢᠨᠠᠨ ᠬᠠᠷᠭᠤᠭᠤᠯᠵᠤ᠂ ᠲᠠᠷᠢᠮᠠᠯ ᠢ ᠨᠢ ᠣᠨᠣᠪᠴᠢᠲᠠᠶ ᠮᠥᠷᠲᠡᠭᠡᠨ ᠣᠨᠣᠪᠴᠢᠲᠠᠶ ᠪᠠᠷ ᠳᠡᠭᠡᠭᠰᠢ ᠮᠡᠳᠡᠭᠦᠯᠵᠦ᠂ ᠠᠯᠤᠰ ᠰᠡᠷᠡᠯ ᠢᠶᠠᠷ ᠬᠢᠨᠠᠨ ᠬᠡᠮᠵᠢᠵᠦ ᠳᠠᠬᠢᠨ ᠪᠠᠶᠢᠴᠠᠭᠠᠨ᠎ᠠ  ᠃   ( ᠭᠤᠷᠪᠠ ) ᠭᠡᠷ᠎ᠡ ᠲᠣᠭᠲᠠᠭᠠᠬᠤ  ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠣᠭᠲᠠᠭᠠᠭᠰᠠᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠵᠥᠪᠳᠡᠯᠴᠡᠬᠡᠷ ᠤᠨ ᠬᠡᠪ ᠵᠠᠭᠪᠤᠷ ᠶᠣᠰᠣᠭᠠᠷ᠂ ᠲᠣᠰ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 《 2024 ᠣᠨ ᠤ ᠲᠦᠴᠢᠦᠸᠠᠨ ᠰᠢᠶᠠᠨ ᠤ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠵᠥᠪᠳᠡᠯᠴᠡᠬᠡᠷ 》 ᠢ ᠲᠣᠭᠲᠠᠭᠠᠵᠤ᠂ ᠡᠵᠡᠩᠨᠡᠭᠴᠢ᠂ ᠲᠠᠷᠢᠶᠠᠨ ᠭᠠᠵᠠᠷ᠂ ᠬᠡᠷᠡᠭᠵᠢᠭᠦᠯᠬᠦ ᠲᠠᠯᠠᠪᠠᠶ᠂ ᠨᠥᠬᠦᠪᠥᠷᠢ ᠥᠭᠬᠦ ᠠᠷᠭ᠎ᠠ ᠬᠡᠯᠪᠡᠷᠢ᠂ ᠳᠡᠭᠡᠷ᠎ᠡ ᠳᠣᠤᠷ᠎ᠠ ᠰᠤᠪᠠᠭ ᠤᠨ ᠲᠠᠷᠢᠮᠠᠯ᠂ ᠬᠠᠮᠢᠶ᠎ᠠ ᠪᠥᠬᠦᠶ ᠡᠷᠬᠡ ᠠᠰᠢᠭ᠂ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠪᠠ  ᠃ ᠨᠢᠭᠡ ᠬᠡᠯᠪᠡᠷᠢ ᠶᠢᠨ ᠳᠥᠷᠪᠡᠨ ᠬᠤᠪᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠢᠶᠠᠩ ᠪᠠᠯᠭᠠᠰᠤ᠂ ᠭᠠᠴᠠᠭ᠎ᠠ᠂ ᠲᠠᠷᠢᠶᠠᠴᠢᠨ ᠡᠷᠦᠬᠡ ᠲᠣᠰ ᠲᠣᠰ ᠨᠢᠭᠡ ᠬᠤᠪᠢ᠂ ᠲᠣᠰ ᠲᠣᠰ ᠲᠠᠩᠰᠠ ᠡᠪᠬᠡᠮᠡᠯ ᠳᠤ ᠣᠷᠣᠭᠤᠯᠵᠤ ᠥᠪᠡᠰᠦᠪᠡᠨ ᠪᠠᠶᠢᠴᠠᠭᠠᠨ᠎ᠠ  ᠃ ᠠᠯᠤᠰ ᠰᠡᠷᠡᠯ ᠤᠨ ᠬᠢᠨᠠᠨ ᠬᠡᠮᠵᠢᠯᠲᠡ ᠪᠠᠷ ᠳᠠᠮᠵᠢᠨ ᠳᠠᠬᠢᠨ ᠪᠠᠶᠢᠴᠠᠭᠠᠵᠤ ᠲᠣᠭᠲᠠᠭᠠᠭᠰᠠᠨ ᠤ ᠳᠠᠷᠠᠭ᠎ᠠ᠂ ᠬᠡᠯᠡᠯᠴᠡᠭᠡᠷ ᠲᠣᠭᠲᠠᠵᠤ᠂ ᠬᠡᠯᠡᠯᠴᠡᠭᠡᠷ ᠢ ᠨᠢᠭᠡ ᠵᠢᠯ ᠳᠤ ᠨᠢᠭᠡ ᠤᠳᠠᠭ᠎ᠠ ᠲᠣᠭᠲᠠᠭᠠᠨ᠎ᠠ  ᠃    ( ᠳᠥᠷᠪᠡ ) ᠪᠠᠯᠠ ᠮᠥᠩᠭᠦ ᠣᠯᠭᠤᠬᠤ  ᠃ ᠵᠥᠪᠯᠡᠯᠴᠡᠭᠡᠷ ᠲᠣᠭᠲᠠᠭᠰᠠᠨ ᠤ ᠳᠠᠷᠠᠭ᠎ᠠ ᠠᠵᠢᠯ ᠤᠨ ᠡᠬᠡ ᠳᠠᠩᠰᠠ ᠪᠠᠶᠢᠭᠤᠯᠵᠤ᠂ ᠰᠢᠶᠠᠩ ᠪᠠᠯᠭᠠᠰᠤ᠂ ᠲᠣᠰᠬᠤᠨ ᠨᠤᠭᠤᠳ ᠨᠥᠬᠦᠪᠥᠷᠢ ᠥᠭᠬᠦ ᠲᠠᠯᠠᠪᠠᠶ᠂ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠢᠯᠡ ᠨᠡᠶᠢᠲᠡᠯᠡᠵᠦ ( ᠨᠡᠶᠢᠲᠡ ᠳᠤ ᠵᠠᠷᠯᠠᠬᠤ ᠬᠤᠭᠤᠴᠠᠭ᠎ᠠ ᠨᠢ ᠠᠳᠠᠭ ᠲᠠᠭᠠᠨ 7 ᠡᠳᠦᠷ )᠂ ᠢᠯᠡᠴᠢᠯᠡᠨ ᠮᠡᠳᠡᠭᠦᠯᠬᠦ ᠳ᠋᠊ ᠢᠶᠠᠩᠬᠤᠸᠠ ᠪᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠂ ᠨᠡᠶᠢᠲᠡ ᠳᠤ ᠵᠠᠷᠯᠠᠭᠠᠳ ᠣᠨᠳᠣᠣ ᠰᠠᠨᠠᠯ ᠦᠭᠡᠶ ᠪᠣᠯ ᠰᠢᠶᠠᠩ ᠪᠠᠯᠭᠠᠰᠤ ᠨᠢ ᠮᠡᠳᠡᠭᠡ ᠵᠠᠩᠭᠢ  ᠶᠢᠨ ᠳ᠋᠊ ᠠᠶᠢᠲ ᠠ ᠶᠢ ᠬᠤᠷᠢᠶᠠᠩᠭᠤᠶᠢᠯᠠᠭᠠᠳ ᠨᠢᠭᠡ ᠺᠠᠷᠲ ᠢᠶᠠᠷ ᠨᠡᠪᠲᠡᠷᠡᠭᠦᠯᠬᠦ ᠳᠤ ᠣᠷᠣᠭᠤᠯᠵᠤ᠂ ᠨᠥᠬᠦᠪᠥᠷᠢ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠡᠳ ᠤᠨ ᠵᠠᠰᠠᠭ ᠠᠴᠠ ᠨᠢᠭᠡᠳᠦᠯᠲᠡᠶ ᠪᠠᠷ ᠨᠢᠭᠡ ᠺᠠᠷᠲ  ᠢᠶᠠᠷ ᠨᠡᠪᠲᠡᠷᠡᠭᠦᠯᠬᠦ ᠠᠷᠭ᠎ᠠ ᠮᠠᠶ ᠢᠭ ᠢ ᠠᠪᠴᠤ ᠲᠠᠷᠢᠶᠠᠯᠠᠬᠤ ᠡᠷᠦᠬᠡ ᠳᠤ ᠣᠯᠭᠤᠬᠤ ᠬᠡᠷᠡᠭᠲᠡᠶ  ᠃    ( ᠲᠠᠪᠤ ) ᠮᠡᠷᠭᠡᠵᠢᠯ ᠤᠨ ᠦᠢᠯᠡᠴᠢᠯᠡᠭᠡ  ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ  ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ᠂ ᠲᠠᠷᠢᠶᠠᠯᠠᠩ ᠤᠨ ᠮᠠᠰᠢᠨ᠂ ᠲᠠᠷᠢᠶᠠᠨ ᠡᠮ᠂ ᠤᠷᠭᠤᠮᠠᠯ ᠢ ᠬᠠᠮᠠᠭᠠᠯᠠᠬᠤ᠂ ᠬᠥᠷᠥᠰᠥᠨ ᠤ ᠪᠣᠷᠲᠣᠭᠤᠷ ᠵᠡᠷᠭᠡ ᠲᠠᠯ᠎ᠠ ᠶᠢᠨ ᠲᠤᠰᠬᠠᠶ ᠮᠡᠷᠭᠡᠵᠢᠯᠲᠡᠨ ᠪᠠ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡ ᠶᠢᠨ ᠳᠠᠷᠤᠭ᠎ᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠣᠲᠣᠷᠠᠬᠢ ᠲᠤᠰᠬᠠᠶ ᠮᠡᠷᠭᠡᠵᠢᠯᠲᠡᠨ ᠢ ᠪᠠᠶᠢᠭᠤᠯᠵᠤ᠂ ᠭᠤᠤᠯ ᠪᠦᠷᠢᠯᠳᠦᠬᠦᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠮᠡᠷᠭᠡᠵᠢᠯ ᠤᠨ ᠵᠢᠯᠣᠭᠤᠳᠬᠤ ᠳᠤᠭᠤᠶᠢᠯᠠᠩ ( ᠪᠦᠷᠢᠯᠳᠦᠬᠦᠨ ᠤ ᠨᠡᠷᠡᠰ ᠢ ᠠᠷᠤ ᠳᠤ ᠳᠠᠭᠠᠯᠳᠤᠭᠤᠯᠪᠠ ) ᠪᠣᠯᠭᠠᠵᠤ᠂ ᠲᠥᠷᠥᠯ ᠵᠦᠶᠯ ᠢ ᠬᠡᠷᠡᠭᠵᠢᠭᠦᠯᠬᠦ ᠶᠠᠪᠤᠴᠠ ᠳᠤ ᠮᠡᠷᠭᠡᠵᠢᠯ ᠤᠨ ᠮᠥᠷᠳᠡᠨ ᠦᠶᠯᠡᠴᠢᠯᠡᠭᠡ ᠬᠢᠵᠦ᠂ ᠵᠠᠩᠭᠢᠯᠠᠭ᠎ᠠ ᠶᠢᠨ ᠲᠠᠷᠢᠶᠠᠯᠠᠬᠤ ᠤᠯᠠᠷᠢᠯ  ᠳᠤ ᠭᠤᠤᠯ ᠭᠠᠷᠤᠯᠲᠠ ᠶᠢᠨ ᠣᠷᠣᠨ ᠳᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠣᠯᠭ᠎ᠠ ᠪᠤᠶᠤ ᠪᠣᠯᠪᠠᠰᠤᠷᠠᠭᠤᠯᠤᠯ ᠢ ᠥᠷᠨᠢᠭᠦᠯᠦᠨ᠎ᠡ  ᠃    ( ᠵᠢᠷᠭᠤᠭ᠎ᠠ ) ᠳᠠᠩᠰᠠ ᠡᠪᠬᠡᠮᠡᠯ ᠤᠨ ᠬᠠᠮᠢᠶᠠᠷᠤᠯᠲᠠ  ᠃ ᠲᠥᠷᠥᠯ ᠵᠦᠶᠯ ᠤᠨ ᠠᠵᠢᠯ ᠯᠤᠭ᠎ᠠ ᠬᠤᠯᠪᠣᠭᠳᠠᠬᠤ ᠪᠢᠴᠢᠭ ᠮᠠᠲ᠋ᠧᠷᠢᠶᠠᠯ᠂ ᠲᠥᠰᠦᠯ᠂ ᠵᠥᠪᠯᠡᠯᠴᠡᠭᠡᠷ᠂ ᠡᠬᠡ ᠳᠠᠩᠰᠠ᠂ ᠵᠢᠷᠤᠭ᠂ ᠳ᠋ᠦᠩᠨᠡᠯᠲᠡ ᠵᠡᠷᠭᠡ ᠮᠠᠲ᠋ᠧᠷᠢᠶᠠᠯ ᠢ ᠴᠥᠮ ᠴᠤᠭᠯᠠᠭᠤᠯᠤᠨ ᠡᠮᠬᠢᠳᠬᠡᠵᠦ ᠳᠠᠩᠰᠠ ᠡᠪᠬᠡᠮᠡᠯ ᠳᠤ ᠣᠷᠣᠭᠤᠯᠤᠨ᠂ ᠵᠢᠷᠤᠮᠵᠢᠯ ᠲᠠᠢ ᠪᠥᠭᠡᠳ ᠪᠦᠷᠢᠨ ᠪᠦᠲᠦᠨ ᠪᠠᠶᠢᠯᠭᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠬᠡᠷᠡᠭᠲᠡᠶ  ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ  ᠃ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠠᠷᠢᠶᠠᠯᠠᠩ ᠤᠨ ᠳᠡᠳ᠋ ᠰᠢᠶᠠᠨ ᠤ ᠳᠠᠷᠤᠭ᠎ᠠ ᠶᠢ ᠡᠷᠬᠢᠯᠡᠨ ᠬᠠᠮᠢᠶᠠᠷᠬᠤ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠡᠯ᠎ᠡ ᠰᠢᠶᠠᠩ ᠪᠠᠯᠭᠠᠰᠤ ᠪᠠᠷ ᠪᠦᠷᠢᠯᠳᠦᠬᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ  ᠃ ᠭᠤᠣᠯᠳᠠᠭᠤ ᠲᠦᠷᠦᠯ ᠵᠦᠢᠯ ᠲᠥᠯᠥᠪᠵᠢᠭᠦᠯᠬᠦ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠤᠬᠠᠭᠤᠯᠬᠤ᠂ ᠪᠡᠯᠡ ᠮᠥᠩᠭᠦ ᠰᠠᠯᠭᠠᠨ ᠥᠭᠬᠦ ᠵᠡᠷᠭᠡ ᠠᠵᠢᠯ ᠢ ᠬᠠᠷᠢᠭᠤᠴᠠᠨ᠎ᠠ  ᠃ ᠲᠥᠷᠥᠯ ᠵᠦᠢᠯ ᠢ ᠬᠡᠷᠡᠭᠵᠢᠭᠦᠯᠬᠦ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠭᠠᠷᠭᠠᠵᠤ᠂ ᠲᠥᠷᠥᠯ ᠵᠦᠢᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠭᠤᠯᠬᠤ ᠬᠡᠷᠡᠭᠲᠡᠶ  ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠰᠢᠶᠠᠩ ᠪᠠᠯᠭᠠᠰᠤ ᠶᠢᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠲᠥᠪ ᠤᠨ ᠪᠦᠬᠦ ᠪᠦᠷᠢᠯᠳᠦᠬᠦᠨ ᠢᠶᠠᠷ ᠪᠦᠷᠢᠯᠳᠦᠬᠦᠨ ᠪᠣᠯᠭᠠᠭᠰᠠᠨ ᠰᠢᠶᠠᠩ ᠤᠨ ᠱᠠᠲᠤᠨ ᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠥᠷᠥᠯ ᠵᠦᠢᠯ  ᠤᠨ ᠬᠡᠷᠡᠭᠵᠢᠭᠦᠯᠬᠦ᠂ ᠮᠡᠳᠡᠭᠦᠯᠬᠦ᠂ ᠬᠢᠨᠠᠨ ᠪᠠᠶᠢᠴᠠᠭᠠᠬᠤ᠂ ᠨᠡᠶᠢᠲᠡ ᠳᠤ ᠵᠠᠷᠯᠠᠬᠤ ᠵᠡᠷᠭᠡ ᠠᠵᠢᠯ ᠢ ᠬᠠᠷᠢᠭᠤᠴᠠᠭᠤᠯᠬᠤ ᠬᠡᠷᠡᠭᠲᠡᠶ  ᠃    ( ᠬᠤᠶᠠᠷ ) ᠰᠢᠮᠳᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ  ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠷᠪᠠᠨ ᠱᠠᠲᠤᠨ ᠤ ᠬᠢᠨᠠᠯᠲᠠ ᠲᠠᠯᠪᠢᠬᠤ ᠲᠣᠭᠲᠠᠴᠠ ᠶᠢ ᠴᠢᠩᠭᠠᠷᠠᠭᠤᠯᠤᠨ᠂ ᠲᠥᠷᠥᠯ ᠵᠦᠶᠯ ᠤᠨ ᠠᠵᠢᠯ ᠢ ᠲᠤᠶᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠎ᠠ  ᠃ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠲᠥᠷᠥᠯ ᠵᠦᠶᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ  ᠃    ( ᠭᠤᠷᠪᠠ ) ᠠᠵᠢᠯ ᠤᠨ ᠦᠷ᠎ᠡ ᠪᠦᠲᠦᠮᠵᠢ ᠪᠠᠨ ᠳ᠋ᠦᠩᠨᠡᠬᠦ ᠬᠡᠷᠡᠭᠲᠡᠶ  ᠃ ᠡᠯ᠎ᠡ ᠰᠢᠶᠠᠩ ᠪᠠᠯᠭᠠᠰᠤᠨ ᠤ ᠠᠷᠠᠳ  ᠤᠨ ᠵᠠᠰᠠᠭ ᠤᠨ ᠣᠷᠳᠣᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠲᠥᠷᠥᠯ ᠵᠦᠶᠯ ᠤᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ᠂ ᠬᠡᠷᠡᠭᠵᠢᠭᠦᠯᠬᠦ ᠠᠬᠢᠴᠠ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠭᠯᠠᠨ ᠮᠡᠳᠡᠭᠦᠯᠵᠦ᠂ ᠲᠣᠰ ᠰᠢᠶᠠᠩ ᠪᠠᠯᠭᠠᠰᠤᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠭᠤᠤᠯ ᠠᠷᠭ᠎ᠠ ᠬᠢᠳᠡᠯ᠂ ᠦᠷ᠎ᠡ ᠪᠦᠲᠦᠮᠵᠢ ᠣᠯᠤᠭᠰᠠᠨ᠂ ᠠᠵᠢᠯ ᠤᠨ ᠰᠠᠨᠠᠭᠤᠯᠭ᠎ᠠ ᠪᠠ ᠳᠠᠷᠠᠭ᠎ᠠ ᠵᠢᠯ ᠤᠨ ᠡᠭᠦᠷᠭᠡ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠠᠵᠢᠯ ᠤᠨ ᠳ᠋ᠦᠩᠨᠡᠯᠲᠡ ᠪᠠᠨ ᠴᠠᠭ ᠲᠤᠬᠠᠶ ᠳᠤᠨᠢ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠬᠦ ᠬᠡᠷᠡᠭᠲᠡᠶ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号