︽ᠮᠤᠵᠢ ᠠᠯᠤᠰᠯᠠᠨ ᠣᠨᠳᠣᠤ ᠭᠠᠵᠠᠷ︾ ᠤᠨ ᠡᠪᠡᠳᠴᠢᠨ ᠦᠵᠡᠭᠦᠯᠬᠦ ᠳᠤ ᠬᠡᠷᠬᠢᠨ ᠰᠢᠭᠤᠳ ᠲᠠᠩᠰᠠ ᠲᠠᠶᠢᠯᠬᠤ ᠪᠣᠶ︖
ᠨᠡᠶᠢᠲᠡᠯᠡᠭᠰᠡᠨ ᠴᠠᠭ᠄
2024/8/15
   ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠪᠤᠶᠤ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠳᠠᠭᠠᠳᠬᠠᠯ ᠳᠤ ᠣᠷᠣᠯᠴᠠᠭᠰᠠᠨ ᠬᠥᠮᠦᠰ ᠨᠢ ᠣᠨᠳᠣᠤ ᠭᠠᠵᠠᠷ ᠲᠤ ᠡᠮᠨᠡᠭᠦᠯᠬᠦ ᠪᠦᠷᠢᠳᠭᠡᠨ ᠲᠠᠩᠰᠠᠯᠠᠭᠤᠯᠬᠤ ᠭᠠᠷᠳᠠᠮ ᠢᠶᠠᠨ ᠬᠢᠭᠰᠡᠨ ᠤ ᠳᠠᠷᠠᠭ᠎ᠠ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢᠶᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠭᠥᠷᠳᠡᠵᠦ ᠪᠣᠯᠤᠨ᠎ᠠ᠃    ᠪᠣᠳᠠᠲᠠᠢ ᠪᠠᠷ ᠶᠠᠮᠠᠷ ᠶᠠᠮᠠᠷ ᠬᠥᠮᠥᠰ ᠲᠤ ᠲᠣᠬᠢᠷᠠᠬᠤ ᠪᠤᠢ︖    ᠮᠤᠵᠢ ᠠᠯᠤᠰᠯᠠᠨ ᠣᠨᠳᠣᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ᠃ ᠡᠭᠦᠨ ᠳᠤ ᠣᠨᠳᠣᠣ ᠭᠠᠵᠠᠷ ᠲᠤ ᠲᠥᠪᠬᠢᠨᠡᠭᠦᠯᠦᠭᠳᠡᠭᠰᠡᠨ ᠠᠵᠢᠯ ᠠᠴᠠ ᠪᠠᠨ ᠠᠮᠠᠷᠠᠭᠰᠠᠳ᠂ ᠣᠨᠳᠣᠤ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ᠂ ᠣᠨᠳᠣᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠵᠡᠷᠭᠡ ᠳᠠᠭᠠᠳᠬᠠᠯ ᠳᠤ ᠣᠷᠣᠯᠴᠠᠭᠰᠠᠨ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠪᠠᠨ ᠭᠠᠳᠠᠨᠠᠬᠢ ᠭᠠᠵᠠᠷ ᠲᠤ ᠤᠷᠲᠤ ᠬᠤᠭᠤᠴᠠᠭ᠎ᠠ ᠪᠠᠷ ᠠᠵᠢᠯᠯᠠᠵᠤ᠂ ᠣᠷᠣᠰᠢᠨ ᠰᠠᠭᠤᠵᠤ᠂ ᠠᠮᠢᠳᠤᠷᠠᠵᠤ ᠪᠠᠶᠢᠭ᠎ᠠ ᠬᠥᠮᠦᠰ ᠪᠠᠭᠳᠠᠵᠤ ᠪᠤᠢ᠃    ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠪᠦᠷᠢᠳᠭᠡᠨ ᠲᠠᠩᠰᠠᠯᠠᠭᠤᠯᠬᠤ ᠭᠠᠷᠳᠠᠮ ᠢ ᠶᠠᠭᠠᠬᠢᠵᠦ ᠭᠦᠢᠴᠡᠳᠬᠡᠬᠦ ᠪᠣᠶ︖    ᠨᠢᠭᠡᠳᠦᠭᠡᠷ ᠠᠯᠬᠤᠮ᠄ ᠡᠬᠢᠯᠡᠵᠦ ᠪᠦᠷᠢᠳᠭᠡᠨ ᠳᠠᠩᠰᠠᠯᠠᠭᠤᠯᠬᠤ    ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︾ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠣᠷᠣᠵᠤ᠂ ᠪᠢᠴᠢᠯ ᠦᠢᠯᠡᠴᠢᠯᠡᠭᠡ→ᠤᠯᠤᠰ ᠤᠨ ᠣᠨᠳᠣᠤ ᠭᠠᠵᠠᠷ ᠲᠤ ᠡᠮᠨᠡᠭᠦᠯᠬᠦ ᠶᠢ ᠪᠦᠷᠢᠳᠭᠡᠨ ᠳᠠᠩᠰᠠᠯᠠᠭᠤᠯᠬᠤ ᠶᠢ ᠲᠤᠪᠰᠢᠵᠦ᠂ ᠣᠨᠳᠣᠤ ᠭᠠᠵᠠᠷ ᠲᠤ ᠳᠠᠩᠰᠠᠯᠠᠭᠤᠯᠬᠤ ᠵᠢᠵᠢᠭ ᠫᠷᠤᠭ᠍ᠷᠠᠮ ᠤᠨ ᠨᠢᠭᠤᠷ ᠲᠤ ᠤᠷᠤᠨ᠎ᠡ᠃ ᠲᠠᠷᠠᠭ᠎ᠠ ᠨᠢ ︽ᠣᠨᠳᠣᠤ ᠭᠠᠵᠠᠷ ᠲᠤ ᠡᠮᠨᠡᠭᠦᠯᠬᠦ ᠶᠢ ᠪᠦᠷᠢᠳᠭᠡᠨ ᠳᠠᠩᠰᠠᠯᠠᠭᠤᠯᠬᠤ ᠭᠤᠶᠤᠴᠢᠯᠠᠯ︾ ᠤᠨ ᠳᠠᠷᠤᠪᠴᠢ ᠶᠢ ᠲᠤᠪᠰᠢᠭᠠᠳ ᠡᠬᠢᠯᠡᠵᠦ ᠪᠦᠷᠢᠳᠭᠡᠨ ᠳᠠᠩᠰᠠᠯᠠᠭᠤᠯᠤᠨ᠎ᠠ᠃    ᠬᠤᠶᠠᠳᠤᠭᠠᠷ ᠠᠯᠬᠤᠮ ᠳᠤ᠄ ᠪᠦᠷᠢᠳᠭᠡᠨ ᠳᠠᠩᠰᠠᠯᠠᠭᠤᠯᠬᠤ ᠲᠥᠷᠥᠯ ᠬᠡᠯᠪᠡᠷᠢ ᠶᠢ ᠰᠤᠩᠭᠤᠬᠤ    ᠣᠨᠳᠣᠤ ᠭᠠᠵᠠᠷ ᠲᠤ ᠡᠮᠨᠡᠭᠦᠯᠬᠦ ᠶᠢ ᠪᠦᠷᠢᠳᠭᠡᠨ ᠳᠠᠩᠰᠠᠯᠠᠭᠤᠯᠬᠤ ᠪᠠᠷ ᠭᠤᠶᠤᠴᠢᠯᠠᠬᠤ ᠨᠢᠭᠤᠷ ᠲᠤ ᠣᠷᠣᠵᠤ᠂ ᠳᠠᠭᠠᠳᠬᠠᠯ ᠳᠤ ᠣᠷᠣᠯᠴᠠᠭᠰᠠᠨ ᠭᠠᠵᠠᠷ ᠢ ᠰᠢᠰᠲ᠋ᠧᠮ ᠨᠢ ᠳᠤᠭᠤᠢ ᠮᠡᠳᠡᠷᠡᠭᠰᠡᠨ ᠤ ᠬᠤᠶᠢᠨ᠎ᠡ᠂ ᠳᠠᠭᠠᠳᠬᠠᠯ ᠳᠤ ᠣᠷᠣᠯᠴᠠᠭᠴᠢ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠬᠤ ᠪᠥᠭᠡᠳ ᠡᠮᠨᠡᠭᠦᠯᠬᠦ ᠭᠠᠵᠠᠷ᠂ ᠳᠠᠭᠠᠳᠬᠠᠯ ᠳᠤ ᠣᠷᠣᠯᠴᠠᠬᠤ ᠳᠠᠭᠠᠳᠬᠠᠯ ᠤᠨ ᠲᠥᠷᠥᠯ᠂ ᠪᠦᠷᠢᠳᠭᠡᠨ ᠳᠠᠩᠰᠠᠯᠠᠭᠤᠯᠬᠤ ᠲᠥᠷᠥᠯ ᠬᠡᠯᠪᠡᠷᠢ ᠶᠢᠨ ᠰᠣᠩᠭᠤᠯᠲᠠ ᠶᠢ ᠰᠠᠶᠢᠲᠤᠷ ᠬᠢᠬᠦ ᠬᠡᠷᠡᠭᠲᠡᠶ᠃    ᠭᠤᠷᠪᠠᠳᠤᠭᠠᠷ ᠠᠯᠬᠤᠮ᠄ ᠪᠦᠷᠢᠳᠭᠡᠨ ᠳᠠᠩᠰᠠᠯᠠᠭᠤᠯᠬᠤ ᠮᠠᠲ᠋ᠧᠷᠢᠶᠠᠯ ᠢᠶᠠᠨ ᠲᠤᠰᠢᠶᠠᠬᠤ    ᠪᠦᠷᠢᠳᠭᠡᠨ ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠤᠩᠰᠢᠵᠤ᠂【 ᠲᠤᠰ ᠬᠥᠮᠦᠨ ᠪᠦᠷᠢᠳᠭᠡᠨ ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠨᠢᠭᠡᠨᠳᠡ ᠨᠠᠷᠢᠨ ᠤᠩᠰᠢᠭᠰᠠᠨ】 ᠢ ᠰᠤᠩᠭᠤᠬᠰᠠᠨ ᠤ ᠳᠠᠷᠠᠭ᠎ᠠ᠂【 ᠪᠢ ᠨᠢᠭᠡᠨᠲᠡ ᠤᠩᠰᠢᠪᠠ᠂ ᠡᠬᠢᠯᠡᠵᠦ ᠪᠦᠷᠢᠳᠭᠡᠨ ᠳᠠᠩᠰᠠᠯᠠᠭᠤᠯᠤᠨ᠎ᠡ︾ ᠭᠡᠰᠡᠨ ᠳᠠᠷᠤᠪᠴᠢ ᠶᠢ ᠲᠤᠪᠰᠢᠨ᠎ᠡ᠃    ᠪᠦᠷᠢᠳᠭᠡᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠠᠷᠢᠯᠴᠠᠬᠤ ᠬᠥᠮᠦᠨ ᠤ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠶᠠᠪᠤᠭᠤᠯᠬᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠠᠶᠢᠳᠤᠷ ᠬᠠᠷᠭᠤᠭᠤᠯᠤᠨ ᠦᠵᠡᠵᠦ ᠪᠤᠷᠤᠭᠤ ᠦᠭᠡᠢ ᠭᠡᠳᠡᠭ ᠢᠶᠠᠨ ᠨᠤᠲᠠᠯᠠᠭᠰᠠᠨ ᠤ ᠳᠠᠷᠠᠭ᠎ᠠ᠂ ︽ᠪᠦᠷᠢᠳᠭᠡᠨ ᠳᠠᠩᠰᠠᠯᠠᠭᠤᠯᠤᠭᠰᠠᠨ ᠮᠠᠲ᠋ᠧᠷᠢᠶᠠᠯ ᠢᠶᠠᠨ ᠲᠤᠰᠢᠶᠠᠬᠤ︾ ᠳᠠᠷᠤᠪᠴᠢ ᠶᠢ ᠲᠤᠪᠰᠢᠭᠠᠳ ᠪᠦᠷᠢᠳᠭᠡᠨ ᠳᠠᠩᠰᠠᠯᠠᠭᠤᠯᠬᠤ ᠭᠤᠶᠤᠴᠢᠯᠠᠯ ᠢᠶᠠᠨ ᠬᠦᠢᠴᠡᠳᠭᠡᠨ᠎ᠡ᠃    ᠳᠥᠷᠪᠡᠳᠦᠭᠡᠷ ᠠᠯᠬᠤᠮ᠄ ᠪᠦᠷᠢᠳᠬᠡᠨ ᠳᠠᠩᠰᠠᠯᠠᠭᠤᠯᠤᠭᠰᠠᠨ ᠠᠬᠢᠴᠠ ᠶᠢ ᠪᠠᠶᠢᠴᠠᠭᠠᠨ ᠦᠵᠡᠬᠦ    ᠲᠦᠷᠦᠭᠦᠤ ᠨᠢᠭᠤᠷ ᠲᠠᠬᠢ【 ᠪᠦᠷᠢᠳᠭᠡᠨ ᠳᠠᠩᠰᠠᠯᠠᠭᠤᠯᠤᠭᠰᠠᠨ ᠲᠡᠮᠳᠡᠭᠯᠡᠯ 】 ᠤᠨ ᠳᠠᠷᠤᠪᠴᠢ ᠶᠢ ᠲᠤᠪᠰᠢᠭᠠᠳ ᠣᠨᠳᠣᠤ ᠭᠠᠵᠠᠷ ᠲᠤ ᠡᠮᠨᠡᠭᠦᠯᠬᠦ ᠶᠢ ᠪᠦᠷᠢᠳᠭᠡᠨ ᠳᠠᠩᠰᠠᠯᠠᠭᠤᠯᠤᠭᠰᠠᠨ ᠲᠡᠮᠳᠡᠭᠯᠡᠯ ᠤᠨ ᠬᠠᠭᠤᠳᠠᠰᠤᠨ ᠳᠤ ᠣᠷᠣᠵᠤ᠂ ᠪᠦᠷᠢᠳᠭᠡᠨ ᠳᠠᠩᠰᠠᠯᠠᠭᠤᠯᠤᠭᠰᠠᠨ ᠠᠬᠢᠴᠠ ᠶᠢ ᠴᠠᠭ ᠲᠤᠬᠠᠶ ᠳᠤᠨᠢ ᠪᠠᠶᠢᠴᠠᠭᠠᠨ ᠦᠵᠡᠵᠦ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号