ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠣᠯᠣᠨ ᠣᠷᠳᠣᠰ ᠬᠤᠲᠠ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/15
   8 ᠰᠠᠷ᠎ᠠ ᠶᠢᠨ 12 ᠤᠨ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠣᠷᠳᠣᠰ ᠬᠤᠳᠠ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ᠃    ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠭᠢᠯᠡᠭᠴᠢ ᠳ᠋ᠦ᠋ ᠢ ᠰᠢᠨ ᠠᠴᠠ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠡᠵᠡᠮᠳᠡᠵᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠶ᠎ᠡ ︾ ᠭᠡᠬᠦ ᠰᠡᠳᠦᠪ ᠢᠶᠠᠷ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠭᠤᠣᠯ ᠰᠡᠳᠦᠪ ᠢ ᠭᠦᠨᠵᠡᠭᠡᠢ ᠣᠶᠢᠯᠠᠭᠠᠵᠤ ᠡᠵᠡᠮᠰᠢᠬᠦ ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠵᠤ ᠡᠵᠡᠮᠰᠢᠬᠦ ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ︾ ᠵᠡᠷᠭᠡ ᠲᠠᠯ᠎ᠠ ᠪᠠᠷ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠤᠨᠤᠯ ᠤᠨ ᠥᠨᠳᠥᠷᠴᠡ ᠲᠠᠢ ᠪᠥᠭᠡᠳ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠢᠭᠲᠠ ᠤᠶᠠᠯᠳᠤᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠦᠯᠭᠡᠲᠦ ᠴᠢᠨᠠᠷ ᠲᠠᠢ ᠪᠣᠯᠵᠠᠢ᠃    ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠰᠤᠳᠤᠯᠬᠤ ᠲᠠᠰᠤᠭ ︵ᠥᠭᠡᠷᠡᠴᠢᠯᠡᠯᠲᠡ ᠶᠢᠨ ᠠᠯᠪᠠᠨ ᠭᠡᠷ ︶ ᠤᠨ ᠨᠢᠭᠡᠳᠦᠭᠡᠷ ᠳᠡᠰ ᠤᠨ ᠡᠷᠭᠢᠯᠡᠭᠴᠢ ᠭᠡᠰᠢᠭᠦᠴᠢ ᠾᠧᠦ ᠰᠢ ᠭᠤᠸᠠᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ︾ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠳᠤᠮᠳᠠ ᠪᠠᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠪᠠᠷ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠪᠠᠷ ᠳᠠᠮᠵᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠭᠡᠵᠦ ᠢᠯᠡᠳᠬᠡᠪᠡ᠃    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠳᠡᠳ᠋ ᠵᠠᠬᠢᠷᠤᠯ ᠠᠨ ᠵᠢᠩ ᠽᠧ᠂ ︽ᠰᠢᠨ᠎ᠡ ᠠᠶᠠᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯᠯᠠᠭᠠᠨ ᠤ ᠬᠥᠲᠥᠯᠪᠦᠷᠢ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ ︾ ᠭᠡᠬᠦ ᠰᠡᠳᠦᠪ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠢᠯᠡᠰ ᠤᠨ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠭᠤᠣᠯ ᠰᠡᠳᠦᠪ ᠵᠢᠴᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠭᠡᠷᠡᠴᠢᠯᠡᠯᠲᠡ ᠶᠢ ᠠᠬᠢᠭᠤᠯᠬᠤ ᠳᠤᠮᠳᠠ ᠡᠵᠡᠮᠰᠢᠬᠦ ᠴᠢᠬᠤᠯᠠᠲᠠᠢ ᠴᠢᠬᠤᠯᠠ ᠶᠡᠭᠡ ᠠᠰᠠᠭᠤᠳᠠᠯ ᠢ ᠭᠤᠣᠯᠳᠠᠯᠭ᠎ᠠ ᠲᠠᠢ ᠵᠠᠳᠠᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢ ᠪᠦᠭᠦ ᠲᠠᠯ᠎ᠠ ᠪᠠᠷ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠨᠢ ᠨᠠᠷᠢᠨ ᠪᠣᠳᠠᠲᠠᠢ᠂ ᠡᠬᠢ ᠠᠳᠠᠭ ᠲᠣᠳᠣᠷᠬᠠᠢ᠂ ᠠᠭᠤᠯᠤᠭᠳᠠᠬᠤᠨ ᠨᠢ ᠭᠦᠨ ᠭᠦᠨᠵᠡᠭᠡᠢ ᠪᠣᠯᠵᠠᠢ᠃    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠭᠢ ᠪᠠᠶᠢᠴᠠᠭᠠᠨ ᠰᠤᠳᠤᠯᠬᠤ ᠭᠠᠵᠠᠷ ᠤᠨ ᠳᠡᠳ᠋ ᠳᠠᠷᠤᠭ᠎ᠠ ᠰᠢᠦᠢ ᠪᠦ᠋ ᠴᠢᠶᠠᠩ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ ᠰᠡᠳᠬᠢᠭᠳᠡᠯ ᠭᠦᠨ ᠪᠠᠶᠢᠯ᠎ᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠡᠬᠡ ᠪᠢᠴᠢᠭ ᠪᠢᠴᠢᠬᠦ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠡᠯ᠎ᠡ ᠵᠦᠢᠯ ᠤᠨ ᠪᠣᠳᠠᠲᠤ ᠠᠵᠢᠯ ᠤᠨ ᠳᠤᠮᠳᠠ ᠢᠯᠡᠷᠡᠭᠦᠯᠵᠦ᠂ ︽ᠭᠤᠷᠪᠠ ᠳᠤ ᠦᠢᠯᠡᠴᠢᠯᠡᠬᠦ ︾ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃    ᠣᠷᠳᠣᠰ ᠬᠤᠲᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠰᠤᠳᠤᠯᠬᠤ ᠲᠠᠰᠤᠭ ︵ᠵᠥᠪᠳᠡᠭᠴᠢ ᠶᠢᠨ ᠲᠠᠰᠤᠭ ︶ ᠤᠨ ᠡᠷᠭᠢᠯᠡᠭᠴᠢ ᠯᠢ ᠵᠥᠩ ᠺᠠᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠪᠠ᠃ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠠᠭᠤᠯᠬᠤᠨ ᠭᠦᠨᠵᠡᠭᠡᠢ ᠪᠠᠶᠢᠵᠤ᠂ ᠰᠣᠨᠣᠰᠤᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃    ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠨᠤᠯ ᠤᠨ ᠰᠠᠯᠠᠭ᠎ᠠ ᠶᠢᠨ ᠳᠠᠷᠤᠭ᠎ᠠ ᠾᠧᠦ ᠰᠢᠶᠣᠣ ᠳ᠋ᠦᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠄ ︽ᠳᠤᠰ ᠮᠡᠳᠡᠭᠦᠯᠦᠯᠲᠡ ᠨᠠᠳᠠ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠤᠨ ᠲᠤᠬᠠᠢ ᠭᠦᠨᠵᠡᠭᠡᠢ ᠲᠠᠨᠢᠯᠲᠠ ᠲᠠᠢ ᠪᠣᠯᠭᠠᠵᠠᠢ᠂ ᠦᠨᠳᠦᠰᠦᠨ ᠱᠠᠲᠤᠨ ᠤ ᠤᠨᠤᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠲᠡᠮᠡᠴᠡᠯ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ︾ ᠭᠡᠵᠦ ᠬᠡᠯᠡᠪᠡ    ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ᠪᠠᠰᠠ ᠣᠷᠳᠣᠰ ᠬᠤᠳᠠ ᠶᠢᠨ ᠲᠦᠩ ᠬᠤᠢ ᠢᠯᠴᠢ ᠬᠠᠩᠭᠠᠬᠤ ᠰᠢᠲᠠᠮᠠᠬᠠᠢ ᠬᠡᠢ ᠶᠢᠨ ᠪᠦᠯᠦᠭᠯᠡᠯ ᠺᠤᠮᠫᠠᠨᠢ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠠᠵᠤ ᠠᠬᠤᠶᠢᠯᠠᠯ ᠤᠨ ᠺᠠᠳ᠋ᠷ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号