ᠯᠢᠶᠠᠩ ᠹᠧᠩ 1 ᠳ᠋ᠤᠭᠡᠷ ᠨᠣᠮᠧᠷ ᠪᠣᠯ ᠥᠪᠥᠷ ᠮᠣᠩᠭᠤᠯ ᠤᠨ ᠵᠧᠨ ᠶᠢᠨ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠭᠴᠠᠭᠠᠷ ᠪᠤᠶᠢᠵᠢᠭᠤᠯᠤᠭᠰᠠᠨ ᠡᠷᠳᠡᠨᠢ ᠰᠢᠰᠢ ᠶᠢᠨ | ᠰᠢᠨ᠎ᠡ ᠡᠭᠦᠯᠳᠡᠷ ᠪᠣᠯᠣᠨ᠎ᠠ᠃ ᠬᠢᠨᠠᠨ ᠲᠣᠭᠲᠠᠭᠠᠭᠰᠠᠨ ᠳ᠋ᠤᠭᠠᠷ᠄ ᠮᠧᠩ ᠱᠧᠨ ᠢᠦᠢ 2021077 ᠳ᠋ᠤᠭᠠᠷ ᠨᠣᠮᠧᠷ | ᠃ ᠣᠯᠠᠨ ᠵᠢᠯ ᠤᠨ ᠲᠠᠷᠢᠮᠠᠯ ᠤᠨ ᠬᠢᠨᠠᠨ ᠲᠣᠭᠲᠠᠭᠠᠯᠲᠠ ᠪᠠᠷ ᠳᠠᠮᠵᠢᠨ᠂ ᠥᠨᠳᠥᠷ ᠲᠣᠭᠲᠠᠭᠤᠨ ᠤᠨᠠᠯᠳᠠ ᠲᠠᠢ᠂ | ᠨᠢᠭᠲᠠ ᠳᠤ ᠳᠠᠭᠠᠭᠠᠮᠠᠭᠠᠢ᠂ ᠲᠦᠷᠦᠭᠦᠦ ᠨᠢ ᠵᠢᠭᠳᠡ᠂ ᠪᠠᠭᠲᠠᠭᠠᠮᠵᠢ ᠨᠢ ᠥᠨᠳᠥᠷ᠂ ᠮᠠᠰᠢᠨ ᠢᠶᠠᠷ ᠬᠤᠷᠢᠶᠠᠬᠤ ᠳᠤ | ᠲᠣᠬᠢᠷᠠᠮᠵᠢᠲᠠᠢ ᠰᠢᠯᠢᠳᠡᠭ ᠣᠨᠴᠠᠯᠢᠭ ᠢ ᠢᠯᠡᠷᠡᠭᠦᠯᠵᠡᠢ᠃ | | ᠡᠭᠦᠯᠳᠡᠷ ᠤᠨ ᠣᠨᠴᠠᠯᠢᠭ᠄ ᠴᠢᠬᠢᠯᠡᠬᠦ ᠠᠴᠠ ᠪᠣᠯᠪᠠᠰᠤᠷᠠᠭᠤᠯᠬᠤ ᠬᠦᠷᠲᠡᠯ᠎ᠡ 127-129 ᠡᠳᠦᠷ᠂ ᠡᠰᠢ ᠶᠢᠨ | ᠬᠡᠯᠪᠡᠷᠢ ᠨᠢ ᠬᠠᠭᠠᠰ ᠨᠢᠭᠲᠠ ᠬᠡᠯᠪᠡᠷᠢ ᠲᠠᠢ᠂ ᠡᠰᠢ ᠶᠢᠨ ᠥᠨᠳᠥᠷ ᠨᠢ 296cm᠂ ᠲᠦᠷᠦᠭᠦᠦ ᠶᠢᠨ ᠪᠠᠶᠢᠷᠢ ᠨᠢ | 103cm᠂ ᠤᠷᠭᠤᠴᠠ ᠨᠢ ᠲᠡᠷᠢ ᠲᠡᠭᠰᠢ ᠪᠠᠶᠢᠳᠠᠭ᠃ ᠵᠢᠮᠢᠰ ᠤᠨ ᠲᠦᠷᠦᠭᠦᠦ ᠶᠢᠨ ᠲᠦᠩᠰᠡ ᠶᠢᠨ ᠬᠡᠯᠪᠡᠷᠢ ᠲᠠᠢ᠂ | ᠲᠦᠷᠦᠭᠦᠦ ᠶᠢᠨ ᠤᠷᠳᠦ ᠨᠢ 21.3cm᠂ ᠲᠦᠷᠦᠭᠦᠦ ᠶᠢᠨ ᠪᠦᠳᠦᠭᠦᠨ ᠨᠢ 5.3cm᠂ ᠲᠦᠷᠦᠭᠦᠦ ᠶᠢᠨ | ᠮᠥᠷ ᠤᠨ ᠲᠤᠭ᠎ᠠ ᠨᠢ 16~18᠂ ᠮᠥᠷ ᠤᠨ ᠮᠦᠬᠦᠯᠢᠭ ᠨᠢ 41᠂ ᠲᠦᠷᠦᠭᠦᠦ ᠶᠢᠨ ᠮᠥᠬᠦᠯᠢᠭ ᠤᠨ ᠲᠤᠭ᠎ᠠ ᠨᠢ | 678᠂ ᠦᠷ᠎ᠡ ᠭᠠᠷᠬᠤ ᠨᠤᠷᠮ᠎ᠠ ᠨᠢ 81.5% ᠪᠠᠶᠢᠵᠤ᠂ ᠤᠯᠠᠭᠠᠨ ᠲᠡᠩᠭᠡᠯᠢᠭ᠂ ᠮᠥᠬᠦᠯᠢᠭ ᠨᠢ ᠬᠠᠭᠠᠰ ᠮᠣᠷᠢᠨ | ᠰᠢᠳᠦᠨ ᠬᠡᠯᠪᠡᠷᠢ ᠲᠠᠢ᠂ ᠰᠢᠷ᠎ᠠ ᠥᠩᠭᠡᠲᠡᠢ᠂ ᠵᠠᠭᠤᠨ ᠮᠥᠬᠦᠯᠢᠭ ᠪᠦᠷᠢ ᠶᠢᠨ ᠬᠦᠨᠳᠦ ᠨᠢ 35.2 ᠭᠷᠡᠮ ᠪᠠᠶᠢᠳᠠᠭ᠃ | ᠬᠤᠭᠤᠰᠤᠨ ᠡᠰᠢ ᠦᠭᠡᠢ᠃ ᠮᠥᠬᠦᠯᠢᠭ ᠤᠨ ᠳᠣᠲᠣᠷ᠎ᠠ ᠪᠦᠳᠦᠭᠦᠯᠢᠭ ᠤᠭᠤᠷᠠᠭ 8.81%᠂ ᠪᠦᠳᠦᠭᠦᠯᠢᠭ | ᠥᠭᠡᠬᠦ 3.16%᠂ ᠪᠦᠳᠦᠭᠦᠯᠢᠭ ᠴᠠᠷᠳᠠᠭᠤᠯ 76.95%᠂ ᠯᠠᠶᠢᠰᠢᠨ ᠰᠢᠪᠲᠦᠷᠲᠦ ᠬᠦᠴᠢᠯ 0.29% | ᠠᠭᠤᠯᠵᠤ᠂ ᠪᠠᠭᠲᠠᠭᠠᠮᠵᠢ ᠶᠢᠨ ᠬᠦᠨᠳᠦ ᠨᠢ 769 ᠭᠷᠡᠮ \ ᠯᠢᠳ᠋ᠷ ᠪᠠᠶᠢᠳᠠᠭ᠃ ᠳᠤᠮᠳᠠ ᠵᠡᠷᠭᠡ ᠶᠢᠨ ᠲᠣᠮᠣ | ᠲᠣᠯᠪᠣᠲᠤ ᠡᠪᠡᠳᠴᠢᠨ ᠢ ᠡᠰᠡᠷᠭᠦᠴᠡᠵᠦ ︵5MR︶᠂ ᠮᠤᠷᠤᠢ ᠰᠫᠣᠷᠲᠦ ᠨᠠᠪᠴᠢᠨ ᠲᠣᠯᠪᠣᠲᠤ ᠡᠪᠡᠳᠴᠢᠨ ᠢ | ᠡᠰᠡᠷᠭᠦᠴᠡᠵᠦ ︵3R︶᠂ ᠰᠢᠷᠬᠡᠭ ᠬᠠᠷᠠᠯᠠᠬᠤ ᠲᠦᠷᠦᠭᠦᠲᠦ ᠡᠪᠡᠳᠴᠢᠨ ᠢ ᠮᠡᠳᠡᠷᠡᠵᠦ ︵23.5%S︶᠂ | ᠡᠰᠢ ᠢᠯᠵᠢᠷᠡᠬᠦ ᠡᠪᠡᠳᠴᠢᠨ ᠢ ᠡᠰᠡᠷᠭᠦᠴᠡᠵᠦ ︵9.3%R︶᠂ ᠡᠷᠳᠡᠨᠢ ᠰᠢᠰᠢ ᠶᠢᠨ ᠮᠢᠩ ᠬᠤᠷᠤᠬᠠᠢ ᠶᠢ | ᠮᠠᠳᠡᠷᠡᠳᠡᠭ ︵6.9S︶᠃ | ᠤᠨᠠᠯᠲᠠ ᠶᠢᠨ ᠬᠡᠮᠵᠢᠶ᠎ᠡ᠄ 2019 ᠣᠨ ᠤ ᠮᠧᠩ ᠺᠧ ᠢᠦᠢ ᠬᠤᠯᠪᠣᠭᠠᠲᠤ ᠴᠣᠭᠴᠠ ᠶᠢᠨ ᠳᠤᠮᠳᠠ | ᠵᠡᠷᠭᠡ ᠶᠢᠨ ᠪᠣᠯᠪᠠᠰᠤᠷᠠᠯᠲᠠ ᠶᠢᠨ ᠳᠤᠭᠤᠶᠢᠯᠠᠩ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠵᠤ᠂ ᠮᠦ | ᠪᠦᠷᠢ ᠶᠢᠨ ᠳᠤᠮᠳᠠᠴᠢ ᠤᠨᠠᠯᠲᠠ ᠨᠢ 873.0 ᠺᠢᠯᠣᠭ᠍ᠷᠠᠮ ᠪᠠᠶᠢᠵᠤ᠂ ᠯᠢ ᠡᠾᠧ 3 ᠲᠠᠢ ᠬᠠᠷᠢᠴᠠᠭᠤᠯᠪᠠᠯ | ᠤᠨᠠᠯᠳᠠ ᠨᠢ 3.70% ᠪᠠᠷ ᠨᠡᠮᠡᠭᠳᠡᠵᠦ᠂ ᠳᠤᠮᠳᠠᠴᠢ ᠦᠷᠡᠵᠢᠯ ᠤᠨ ᠬᠤᠭᠤᠴᠠᠭ᠎ᠠ ᠨᠢ 0.9 ᠡᠳᠦᠷ ᠣᠷᠣᠢ | ᠪᠠᠶᠢᠳᠠᠭ ︔ 2020 ᠣᠨ ᠤ ᠮᠧᠩ ᠺᠧ ᠢᠦᠢ ᠬᠤᠯᠪᠣᠭᠠᠲᠤ ᠴᠣᠭᠴᠠ ᠶᠢᠨ ᠳᠤᠮᠳᠠ ᠵᠡᠷᠭᠡ ᠶᠢᠨ | ᠪᠣᠯᠪᠠᠰᠤᠷᠠᠯᠲᠠ ᠶᠢᠨ ᠳᠤᠭᠤᠶᠢᠯᠠᠩ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ | ᠳᠤᠮᠳᠠᠴᠢ ᠤᠨᠠᠯᠲᠠ ᠨᠢ 897.6 ᠺᠢᠯᠣᠭ᠍ᠷᠠᠮ ᠪᠠᠶᠢᠵᠤ᠂ ᠯᠢ ᠡᠾᠧ 3 ᠠᠴᠠ ᠲᠠᠢ ᠬᠠᠷᠢᠴᠠᠭᠤᠯᠪᠠᠯ ᠤᠨᠠᠯᠳᠠ ᠨᠢ 3. | 62% ᠪᠠᠷ ᠨᠡᠮᠡᠭᠳᠡᠵᠦ᠂ ᠳᠤᠮᠳᠠᠴᠢ ᠦᠷᠡᠵᠢᠯ ᠤᠨ ᠬᠤᠭᠤᠴᠠᠭ᠎ᠠ ᠨᠢ 0.1 ᠡᠳᠦᠷ ᠣᠷᠣᠢ ᠪᠠᠶᠢᠪᠠ ︔ 2020 | ᠣᠨ ᠤ ᠮᠧᠩ ᠺᠧ ᠢᠦᠢ ᠬᠤᠯᠪᠣᠭᠠᠲᠤ ᠴᠣᠭᠴᠠ ᠶᠢᠨ ᠳᠤᠮᠳᠠ ᠵᠡᠷᠭᠡ ᠶᠢᠨ ᠪᠣᠯᠪᠠᠰᠤᠷᠠᠯᠲᠠ ᠶᠢᠨ ᠳᠤᠭᠤᠶᠢᠯᠠᠩ ᠤᠨ | ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ ᠨᠢ 899.8 ᠺᠢᠯᠣᠭ᠍ᠷᠠᠮ | ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠠᠴᠠ ᠪᠠᠨ 6.91% ᠪᠠᠷ ᠨᠡᠮᠡᠭᠳᠡᠵᠦ᠂ ᠳᠤᠮᠳᠠᠴᠢ ᠦᠷᠡᠵᠢᠯ ᠤᠨ | ᠬᠤᠭᠤᠴᠠᠭ᠎ᠠ ᠨᠢ ᠬᠠᠷᠢᠴᠠᠭᠤᠯᠤᠭᠰᠠᠨ ᠬᠡᠮᠵᠢᠶ᠎ᠡ ᠠᠴᠠ ᠪᠠᠨ 0.9 ᠡᠳᠦᠷ ᠣᠷᠣᠢ ᠪᠣᠯᠵᠠᠢ᠃ | ᠬᠥᠳᠡᠯᠭᠡᠭᠡᠨᠲᠦ ᠬᠤᠷᠠᠮᠳᠤᠭᠰᠠᠨ ᠳᠤᠯᠠᠭᠠᠨ ︵≥10︶ 2650℃ ᠠᠴᠠ ᠳᠡᠭᠡᠭᠰᠢᠬᠢ ᠭᠠᠵᠠᠷ | ᠣᠷᠣᠨ ᠳᠤ ᠲᠠᠷᠢᠬᠤ ᠶᠢ ᠳᠡᠯᠭᠡᠷᠡᠭᠦᠯᠬᠦ ᠳᠤ ᠲᠣᠬᠢᠷᠠᠮᠵᠢᠲᠠᠢ᠃ | ᠲᠠᠷᠢᠵᠤ ᠪᠤᠶᠢᠵᠢᠭᠤᠯᠬᠤ ᠭᠤᠣᠯᠳᠠᠯᠭ᠎ᠠ᠄ ᠲᠠᠷᠢᠬᠤ ᠬᠤᠭᠤᠴᠠᠭ᠎ᠠ ᠨᠢ 4 ᠰᠠᠷ᠎ᠠ ᠶᠢᠨ ᠰᠡᠭᠦᠯᠴᠢ ᠠᠴᠠ 5 | ᠰᠠᠷ᠎ᠠ ᠶᠢᠨ ᠡᠬᠢ ᠪᠣᠯᠲᠠᠯ᠎ᠠ᠃ ᠨᠢᠭᠲᠠᠴᠠ ᠨᠢ ᠮᠦ ᠪᠦᠷᠢ 5000 ᠰᠠᠭᠤᠷᠢ ᠴᠢᠬᠢ ᠤᠷᠭᠤᠬᠤ ᠶᠢ ᠪᠠᠳᠤᠯᠠᠨ᠎ᠠ᠃ ᠮᠦ | ᠪᠦᠷᠢ ᠳᠤ ᠲᠠᠷᠢᠶᠠᠯᠠᠩ ᠤᠨ ᠪᠣᠷᠳᠤᠭᠤᠷ 2000kg᠂ ᠹᠣᠰᠹᠣᠷ ᠬᠦᠴᠢᠯ ᠤᠨ ᠬᠤᠶᠠᠷ ᠠᠮᠮᠤᠨᠢ 15kg᠂ | ᠨᠡᠶᠢᠯᠡᠮᠡᠯ ᠪᠣᠷᠳᠣᠭᠤᠷ 20kg ᠣᠷᠤᠭᠤᠯᠵᠤ᠂ ᠦᠶᠡᠯᠡᠬᠦ ᠬᠤᠭᠤᠴᠠᠭᠠᠨ ᠳᠤ ᠮᠦ ᠪᠦᠷᠢ ᠳᠤ 25kg ᠰᠢᠭᠡᠰᠦᠯᠢᠭ | ᠡᠳ᠋ ᠨᠡᠮᠡᠵᠦ ᠣᠷᠤᠭᠤᠯᠤᠨ᠂ ᠴᠡᠴᠡᠭᠯᠡᠬᠦ ᠬᠤᠭᠤᠴᠠᠭᠠᠨ ᠳᠤ ᠮᠦ ᠪᠦᠷᠢ ᠳᠤ 10kg ᠤᠨ ᠰᠢᠭᠡᠰᠦᠯᠢᠭ ᠡᠳ᠋ ᠨᠡᠮᠡᠵᠦ | ᠣᠷᠣᠭᠤᠯᠤᠨ᠎ᠠ᠃ ᠰᠢᠷᠬᠡᠭ ᠬᠠᠷᠠᠯᠠᠬᠤ ᠲᠦᠷᠦᠭᠦᠦ ᠶᠢᠨ ᠡᠪᠡᠳᠴᠢᠨ᠂ ᠲᠣᠮᠣ ᠲᠣᠯᠪᠣᠲᠤ ᠡᠪᠡᠳᠴᠢᠨ ᠢ ᠰᠡᠷᠭᠡᠶᠢᠯᠡᠨ | ᠵᠠᠰᠠᠬᠤ ᠶᠢ ᠠᠩᠬᠠᠷᠬᠤ ᠬᠡᠷᠡᠭᠲᠡᠢ᠃ |