ᠪᠠᠭᠰᠢ ᠶᠢᠨ ᠳᠠᠷᠤᠭᠠᠰᠤ ᠶᠢ ᠬᠥᠩᠭᠡᠷᠡᠭᠦᠯᠤᠨ᠎ᠡ︕ ᠰᠤᠷᠭᠠᠨ ᠬᠥᠮᠦᠵᠢᠯ ᠤᠨ ᠶᠠᠮᠤᠨ ᠪᠠᠭᠰᠢ ᠶᠢ ᠬᠦᠨᠳᠦᠳᠬᠡᠨ ᠪᠠᠭᠰᠢ ᠳᠤ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ᠨᠦᠭᠦᠳ ᠢ ᠭᠠᠷᠭᠠᠪᠠ
ᠨᠡᠶᠢᠲᠡᠯᠡᠭᠰᠡᠨ ᠴᠠᠭ᠄
2024/8/17
   2024 ᠣᠨ ᠤ 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠲᠦᠴᠢᠳᠡᠬᠢ ᠪᠠᠭᠰᠢ ᠶᠢᠨ ᠪᠠᠶᠠᠷ ᠪᠣᠯᠣᠨ᠎ᠠ᠂ ᠭᠤᠣᠯ ᠰᠡᠳᠦᠪ ᠨᠢ᠄ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠤᠷᠭᠠᠨ ᠬᠦᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠪᠤᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠪᠠᠭᠰᠢ ᠶᠢ ᠬᠦᠨᠳᠦᠳᠬᠡᠨ ᠪᠠᠭᠰᠢ ᠳᠤ ᠬᠠᠷᠠᠭᠠᠯᠵᠠᠯ ᠦᠵᠡᠭᠦᠯᠬᠦ ᠠᠯᠢ ᠣᠯᠠᠨ ᠠᠷᠭ᠎ᠠ ᠬᠡᠮᠵᠢᠶ᠎ᠡ ᠨᠦᠭᠦᠳ ᠢ ᠭᠠᠷᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢ ᠠᠬᠢᠭᠤᠯᠵᠤ᠂ ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠱᠠᠩᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠠᠶᠢᠨ᠎ᠠ᠃    ᠰᠤᠷᠭᠠᠨ ᠬᠥᠮᠦᠵᠢᠯ ᠤᠨ ᠶᠠᠮᠤᠨ ᠪᠠᠰᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠵᠤ᠂ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠠᠭᠰᠢ ᠶᠢ ᠬᠦᠴᠦᠷᠬᠡᠭᠵᠢᠭᠦᠯᠵᠦ ᠪᠠᠭᠰᠢ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠶ᠃ ︽ᠤᠯᠤᠰ ᠤᠨ ᠰᠢᠯᠢᠳᠡᠭ ᠲᠥᠯᠥᠪᠯᠡᠭᠡ︾ ᠶᠢ ᠬᠡᠷᠡᠭᠵᠢᠭᠦᠯᠬᠦ ᠶᠢ ᠥᠷᠭᠡᠳᠬᠡᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠰᠤᠷᠭᠠᠨ ᠬᠥᠮᠦᠵᠢᠯ᠂ ᠪᠠᠭᠰᠢ ᠶᠢᠨ ᠮᠡᠷᠭᠡᠵᠢᠯ ᠤᠨ ᠰᠤᠷᠭᠠᠨ ᠬᠥᠮᠥᠵᠢᠯ ᠤᠨ ᠬᠠᠮᠵᠢᠯᠴᠠᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠥᠯᠥᠪᠯᠡᠭᠡ᠂ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ᠂ ᠰᠢᠯᠢᠳᠡᠭ ᠪᠠᠭᠰᠢ ᠶᠢᠨ ᠲᠥᠯᠥᠪᠯᠡᠭᠡ᠂ ᠤᠯᠤᠰ ᠠᠴᠠ ᠬᠦᠮᠦᠵᠢᠬᠦᠯᠬᠦ ᠲᠥᠯᠥᠪᠯᠡᠭᠡ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠪᠠᠶᠢᠭᠤᠯᠤᠯᠲᠠ᠂ ︽ᠪᠦᠯᠬᠦᠮ ᠪᠠᠶᠢᠭᠤᠯᠬᠤ ᠮᠠᠶ᠋ᠢᠭ︾ ᠤᠨ ᠰᠤᠷᠭᠠᠨ ᠬᠥᠮᠥᠵᠢᠯ ᠤᠨ ᠴᠢᠳᠠᠪᠤᠷᠢᠲᠠᠨ ᠢᠶᠠᠷ ᠬᠠᠪᠰᠤᠷᠤᠨ ᠲᠡᠳᠬᠦᠬᠦ ᠵᠡᠷᠭᠡ ᠠᠯᠢ ᠤᠯᠠᠨ ᠴᠢᠳᠠᠪᠤᠷᠢᠲᠠᠨ ᠢᠶᠠᠷ ᠰᠤᠷᠭᠠᠨ ᠬᠥᠮᠥᠵᠢᠯ ᠢ ᠳᠡᠮᠵᠢᠬᠦ᠂ ᠤᠯᠤᠰ ᠤᠨ ᠦᠳᠡᠯᠦᠭᠡ ᠨᠠᠰᠤᠨ ᠤ ᠪᠠᠭᠰᠢ ᠨᠠᠷ ᠤᠨ ᠠᠵᠢᠯᠯᠠᠭᠠᠨ ᠤ ᠲᠥᠯᠥᠪᠯᠡᠭᠡ ᠵᠡᠷᠭᠡ ᠠᠵᠢᠯ ᠢ ᠯᠠᠪᠳᠠᠭᠤᠨ ᠪᠠᠳᠤ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠡᠯ᠎ᠡ ᠭᠠᠵᠠᠷ ᠨᠢ ᠪᠠᠭᠰᠢ ᠶᠢᠨ ᠣᠯᠭᠤᠮᠵᠢ ᠶᠢ ᠦᠨᠠᠨ ᠬᠦ ᠪᠠᠲᠤᠯᠠᠵᠤ᠂ ᠵᠠᠷᠤᠳᠠᠯ ᠢ ᠮᠤᠵᠢ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠡᠷᠴᠢᠮ ᠢ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠲᠦᠪᠰᠢᠨ ᠠᠴᠠ ᠳᠣᠤᠷ᠎ᠠ ᠦᠯᠦ ᠪᠠᠶᠢᠯᠭᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠣᠷᠣᠨ ᠰᠠᠭᠤᠴᠠ ᠵᠡᠷᠭᠡ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠭᠰᠢ ᠶᠢᠨ ᠡᠷᠡᠭᠦᠯ ᠮᠡᠨᠳᠦ ᠶᠢ ᠬᠠᠯᠠᠮᠵᠢᠯᠠᠵᠤ᠂ ᠪᠠᠭᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠠᠮᠠᠷᠠᠭᠤᠯᠬᠤ ᠬᠠᠤᠯᠢ ᠴᠠᠭᠠᠵᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠪᠠᠭᠰᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃ ᠪᠠᠭᠰᠢ ᠳᠤ ᠴᠤᠤᠷᠬᠠᠯ ᠲᠠᠯᠪᠢᠬᠤ ᠪᠠ ᠪᠠᠭᠰᠢ ᠶᠢᠨ ᠨᠡᠷ᠎ᠡ ᠨᠢᠭᠤᠷ ᠢ ᠭᠤᠳᠤᠭᠠᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠠᠭᠰᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠪᠠᠭᠰᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠪᠠᠭᠰᠢ ᠶᠢᠨ ᠳᠠᠷᠤᠭᠠᠰᠤ ᠶᠢ ᠪᠦᠬᠦ ᠲᠠᠯ᠎ᠠ ᠪᠠᠷ ᠬᠥᠩᠭᠡᠷᠡᠭᠦᠯᠵᠦ᠂ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠡᠷᠬᠢᠯᠡᠭᠰᠡᠨ ᠠᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠤᠷᠮᠠᠰᠢᠭᠤᠯᠤᠨ ᠲᠠᠲᠠᠵᠤ ᠲᠡᠳᠡᠨ ᠢ ᠬᠠᠯᠠᠭᠤᠨ ᠰᠡᠳᠬᠢᠯ ᠢᠶᠠᠷ ᠪᠠᠭᠰᠢᠯᠠᠭᠤᠯᠵᠤ᠂ ᠨᠠᠷᠢᠨ ᠨᠢᠮᠪᠠᠢ ᠪᠠᠭᠰᠢᠯᠠᠭᠤᠯᠵᠤ᠂ ᠤᠷᠲᠤ ᠬᠤᠭᠤᠴᠠᠭ᠎ᠠ ᠪᠠᠷ ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠬᠤ ᠬᠡᠷᠡᠭᠲᠡᠶ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号