ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/8/17
   8 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠤᠯᠬᠤ ᠦᠭᠡᠢ ︾ ᠭᠡᠰᠡᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠬᠤ ᠬᠡᠷᠡᠭᠲᠡᠢ᠃ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ ᠶᠢ ᠨᠢᠭᠡ ᠴᠣᠭᠴᠠᠵᠢᠭᠤᠯᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠣᠨ ᠤ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠦᠶᠡᠷ ᠤᠰᠤᠲᠤᠯ᠂ ᠬᠤᠲᠠ ᠶᠢᠨ ᠤᠰᠤᠲᠤᠯ ᠪᠠ ᠭᠠᠵᠠᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠵᠡᠷᠭᠡ ᠠᠵᠢᠯ ᠢ ᠴᠢᠩᠭᠠᠳᠬᠠᠵᠤ᠂ ᠤᠯᠠᠭᠠᠨᠬᠠᠳᠠ ᠬᠤᠲᠠ ᠶᠢᠨ ᠯᠤᠤᠬ᠎ᠠ ᠶᠢᠨ ᠭᠤᠣᠯ ᠰᠡᠳᠡᠷᠡᠭᠰᠡᠨ ᠤ ᠬᠤᠶᠢᠲᠤᠬᠢ ᠶᠠᠪᠤᠳᠠᠯ ᠵᠢᠴᠢ ᠪᠠᠬᠢᠯᠡᠵᠦ ᠠᠶᠤᠯ ᠢ ᠠᠷᠢᠯᠭᠠᠬᠤ ᠵᠡᠷᠭᠡ ᠵᠠᠯᠭᠠᠮᠵᠢ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠦᠵᠡᠮᠵᠢ ᠶᠢᠨ ᠣᠷᠣᠨ ᠪᠠ ᠵᠢᠭᠤᠯᠴᠢᠯᠠᠬᠰᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠠᠩᠬᠠᠷᠴᠤ᠂ ᠤᠷᠤᠰᠴᠠ ᠪᠠᠷ ᠶᠡᠭᠡ᠂ ᠠᠳᠠᠯ ᠠᠮᠠᠷᠬᠠᠨ ᠡᠭᠦᠰᠬᠦ ᠵᠠᠮ ᠤᠨ ᠬᠡᠰᠡᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠠᠷᠢᠬᠢ ᠤᠤᠭᠤᠭᠠᠳ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠬᠤ᠂ ᠶᠠᠳᠠᠷᠠᠵᠤ ᠲᠡᠷᠭᠡ ᠵᠢᠯᠤᠭᠤᠳᠬᠤ᠂ ᠭᠡᠳᠦ ᠬᠤᠷᠳᠤᠨ ᠠᠶᠠᠯᠠᠬᠤ ᠬᠡᠲᠦᠷᠡᠲᠡᠯ᠎ᠡ ᠬᠥᠮᠥᠨ ᠲᠡᠭᠡᠭᠡᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠰᠠᠨᠠᠭᠠᠴᠢᠯᠠᠭᠠᠲᠤ ᠲᠡᠶᠢᠨ ︾ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠭᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠢ ᠪᠠᠶᠢᠷᠢᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠢᠯᠣᠭᠤᠳᠤᠮᠵᠢ ᠪᠤᠯᠭᠠᠵᠤ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ᠂ ᠲᠠᠷᠢᠮᠠᠯ ᠤᠨ ᠲᠠᠯᠠᠪᠠᠢ ᠶᠢ ᠥᠷᠭᠡᠳᠬᠡᠬᠦ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠦ ᠪᠤᠯᠬᠤ ᠦᠭᠡᠢ᠃ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ︽ᠨᠠᠯᠠᠶᠢᠲᠠᠯ᠎ᠠ ᠤᠰᠤᠯᠠᠬᠤ ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤᠯᠠᠯᠲᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠬᠤ ᠪᠠ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠂ ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠣᠬᠢᠬᠤ ᠭᠡᠪᠴᠢᠶᠡᠵᠢᠯᠳᠤ ᠡᠵᠡᠩᠨᠡᠯᠲᠡ ᠶᠢ ᠶᠡᠭᠡ ᠪᠠᠷ ᠬᠥᠭᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠠᠷᠭ᠎ᠠ ᠰᠦᠪᠡᠭᠴᠢᠯᠡᠨ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠪᠣᠯᠣᠨ ᠡᠵᠡᠩᠨᠡᠯᠲᠡ ᠶᠢᠨ ᠭᠤᠣᠯ ᠴᠣᠭᠴᠠ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ︽ᠮᠠᠯ ᠠᠵᠤ ᠠᠬᠤᠢ ᠲᠠᠷᠢᠶᠠᠯᠠᠩ ᠢ ᠬᠡᠷᠬᠢᠨ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠢ ᠬᠡᠷᠬᠢᠨ ᠪᠦᠲᠦᠭᠡᠨ ᠪᠠᠶᠢᠭᠤᠯᠵᠤ ᠵᠠᠰᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠬᠡᠷᠬᠢᠨ ᠨᠡᠮᠡᠭᠳᠡᠭᠦᠯᠬᠦ ︾ ᠲᠠᠢ ᠨᠢᠭᠲᠠ ᠤᠶᠠᠯᠳᠤᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠦᠭᠦ ᠬᠡᠯᠬᠢᠶ᠎ᠡ ᠶᠢ ᠨᠠᠪᠲᠠᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号