ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠯᠥᠨ ᠪᠤᠶᠢᠷ ᠬᠤᠲᠠ ᠬᠢᠩᠭᠠᠨ ᠠᠶᠢᠮᠠᠭ ᠲᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/17
   8 ᠰᠠᠷ᠎ᠠ ᠶᠢᠨ 14 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠲᠤ ᠬᠦᠷᠴᠦ ᠤᠬᠠᠭᠤᠯᠤᠨ ᠲᠠᠶᠢᠯᠪᠤᠷᠢᠯᠠᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠨᠢᠭᠡᠳᠦᠭᠡᠷ ᠳᠡᠳ᠋ ᠵᠠᠬᠢᠷᠤᠯ ᠭᠤᠤ ᠽᠦ ᠭᠦᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠬᠤᠷᠠᠯᠳᠤᠭᠰᠠᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠪᠦᠭᠦᠳᠡ ᠬᠤᠷᠠᠯ ᠤᠨ ︽ᠲᠣᠭᠲᠠᠭᠠᠯ ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 4 ᠲᠠᠯ᠎ᠠ ᠠᠴᠠ ᠭᠦᠨᠵᠡᠭᠡᠢ ᠪᠥᠭᠡᠳ ᠠᠮᠢᠳᠤᠯᠢᠭ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠮᠡᠳᠡᠭᠦᠯᠦᠯᠲᠡ ᠨᠢ ᠯᠣᠭᠢᠭ ᠴᠢᠨᠠᠷ ᠢᠶᠠᠷ ᠨᠢᠭᠲᠠ ᠴᠢᠩᠭ᠎ᠠ᠂ ᠠᠭᠤᠯᠤᠭᠳᠠᠬᠤᠨ ᠨᠢ ᠭᠦᠨ ᠭᠦᠨᠵᠡᠭᠡᠢ᠂ ᠭᠢᠯᠪᠠᠷ ᠣᠶᠢᠯᠠᠭᠠᠮᠵᠢᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ ᠪᠣᠯᠵᠠᠢ᠃    ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠶᠠᠪᠤᠳᠠᠯ ᠤᠨ ᠭᠠᠵᠠᠷ ︶ ᠶᠢᠨ ᠭᠤᠷᠪᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠶᠤᠸᠠᠨ ᠢ ᠶᠢᠨ ᠮᠠᠰᠢ ᠭᠦᠨ ᠲᠥᠷᠥᠭᠳᠡᠯ ᠲᠠᠢ ᠪᠣᠯᠵᠠᠢ᠃ ᠲᠡᠷᠡ᠂ ᠵᠣᠬᠢᠶᠠᠨ ᠪᠠᠶᠢᠭᠤᠯᠬᠤ ᠠᠵᠢᠯ ᠤᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠬᠤ ᠱᠤᠭᠤᠮ ᠢ ᠰᠤᠷᠤᠯᠴᠠᠨ ᠲᠤᠭᠤᠰᠢᠯᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ︽ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ︾ ᠬᠠᠷᠢᠭᠤᠴᠠᠯᠭᠠᠲᠤ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠴᠦ ᠲᠡᠷᠢᠭᠦᠨ ᠤ ᠬᠢ ᠪᠤᠯᠬᠤ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ ᠵᠧᠨ ᠴᠢᠩ ︽ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠡᠴᠦᠰ ᠲᠤᠨᠢ ᠲᠤᠯᠲᠠᠯ᠎ᠠ ᠬᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠶ᠎ᠠ ︾ ᠭᠡᠬᠦ ᠰᠡᠳᠦᠪ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠠᠭᠤᠯᠤᠭᠳᠠᠬᠤᠨ᠂ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠠᠨᠢᠬᠤ ᠵᠡᠷᠭᠡ ᠲᠠᠯ᠎ᠠ ᠪᠠᠷ ᠭᠦᠨᠵᠡᠭᠡᠢ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠢ ᠰᠡᠳᠬᠢᠴᠡ ᠠᠷᠭ᠎ᠠ ᠬᠡᠮᠵᠢᠶ᠎ᠡ ᠳᠤᠷᠠᠳᠴᠠᠢ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠰᠢᠰᠲ᠋ᠧᠮ ᠨᠢ ᠪᠦᠭᠦ ᠲᠠᠯ᠎ᠠ ᠶᠢᠨ᠂ ᠭᠤᠣᠯᠳᠠᠯᠭ᠎ᠠ ᠨᠢ ᠲᠣᠪᠤᠶᠢᠮ᠎ᠠ ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠳᠤ ᠮᠠᠰᠢ ᠴᠢᠩᠭ᠎ᠠ ᠪᠣᠳᠠᠲᠠᠢ ᠵᠢᠯᠤᠭᠤᠳᠬᠤ ᠴᠢᠨᠠᠷ ᠲᠠᠢ ᠪᠣᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠮᠠᠰᠢ ᠴᠢᠩᠭ᠎ᠠ ᠦᠢᠯᠡᠳᠦᠯᠭᠡ ᠶᠢᠨ ᠬᠡᠷᠡᠭᠵᠢᠭᠦᠯᠬᠦ᠋ᠢᠴᠡ ᠴᠢᠨᠠᠷ ᠲᠠᠢ ᠪᠣᠯᠵᠠᠢ᠃    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠤᠨ ᠬᠥᠭᠵᠢᠭᠦᠯᠦᠯᠲᠡ ᠶᠢᠨ ᠲᠣᠪᠴᠢᠶ᠎ᠠ ᠶᠢᠨ ᠨᠢᠭᠡᠳᠦᠭᠡᠷ ᠳᠡᠰ ᠤᠨ ᠡᠷᠭᠢᠯᠡᠭᠴᠢ ᠭᠡᠰᠢᠭᠦᠴᠢ ᠳ᠋ᠦᠩ ᠪᠧᠢ᠄ ︽ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠰᠣᠨᠣᠰᠤᠭᠠᠳ᠂ ᠪᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠨᠠᠩ ᠭᠦᠨ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠪᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠠᠵᠤ ᠠᠬᠤᠶᠢᠯᠠᠯ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠴᠢᠳᠠᠪᠤᠷᠢᠲᠠᠨ ᠢ ᠬᠥᠮᠥᠵᠢᠭᠦᠯᠬᠦ᠂ ᠣᠯᠠᠨ ᠲᠦᠮᠡᠨᠴᠢ ᠴᠢᠨᠠᠷᠲᠠᠢ ᠶᠠᠰᠤ ᠴᠢᠨᠠᠷ ᠤᠨ ᠠᠵᠢᠯᠯᠠᠭ᠎ᠠ ᠥᠷᠨᠢᠭᠦᠯᠬᠦ ᠶᠢ ᠠᠬᠢᠭᠤᠯᠬᠤ ᠵᠡᠷᠭᠡ ᠰᠠᠭᠤᠷᠢ ᠠᠵᠢᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ︾ ᠭᠡᠪᠡ᠃    ᠬᠥᠯᠥᠨ ᠪᠤᠶᠢᠷ ᠬᠤᠲᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠲᠣᠭᠲᠠᠭᠠᠯ ︾ ᠢ ᠭᠦᠨᠵᠡᠭᠡᠢ ᠰᠤᠷᠤᠯᠴᠠᠨ ᠣᠶᠢᠯᠠᠭᠠᠬᠤ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠲᠠᠶᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠨ ᠲᠠᠶᠢᠯᠪᠤᠷᠢᠯᠠᠪᠠ᠃    ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠣᠯᠵᠤ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠭᠡᠵᠦ ᠦᠵᠡᠵᠡᠭᠡᠪᠡ᠃    ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠳᠠᠷᠤᠭ᠎ᠠ ᠪᠠᠢ ᠶᠧ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠠᠷᠭ᠎ᠠ ᠬᠡᠮᠵᠢᠶ᠎ᠡ ᠶᠢ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠷ ᠠᠵᠢᠯ ᠢᠶᠠᠨ ᠥᠨᠳᠥᠷ ᠪᠦᠳᠦᠮᠵᠢᠳᠡᠢ ᠠᠬᠢᠭᠤᠯᠬᠤ ᠳᠤ ᠵᠢᠯᠣᠭᠤᠳᠤᠯᠭ᠎ᠠ ᠪᠣᠯᠭᠠᠨ ᠬᠤᠪᠢᠷᠠᠭᠤᠯᠤᠨ᠎ᠠ ᠭᠡᠪᠡ᠃ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠭᠦᠸᠧ ᠵᠠᠨ ᠵᠢᠶᠠᠩ ᠬᠠᠭᠤᠴᠢᠨ ᠪᠠᠷᠭᠤ ᠬᠤᠰᠢᠭᠤᠨ ᠤ ᠪᠠᠶᠠᠨ ᠪᠦᠷᠢᠳᠦ ᠭᠠᠴᠠᠭ᠎ᠠ ᠳᠤ ᠬᠦᠷᠴᠦ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠮᠠᠯᠴᠢᠳ ᠲᠠᠢ ᠨᠢᠭᠤᠷᠳᠠᠨ ᠶᠠᠷᠢᠯᠴᠠᠪᠠ᠃    ᠬᠢᠩᠭᠠᠨ ᠠᠶᠢᠮᠠᠭ ᠲᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 4 ᠲᠠᠯ᠎ᠠ ᠠᠴᠠ ᠰᠢᠰᠲ᠋ᠧᠮ ᠲᠠᠢ ᠲᠠᠶᠢᠯᠪᠤᠷᠢᠯᠠᠨ ᠭᠦᠨᠵᠡᠭᠡᠢ ᠲᠣᠳᠣᠷᠬᠠᠶᠢᠯᠠᠨ ᠥᠭᠦᠯᠡᠪᠡ᠃ ᠬᠤᠷᠠᠯ ᠳᠤ ᠣᠷᠣᠯᠴᠠᠭᠰᠠᠳ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠬᠠᠷᠠᠭᠠᠰᠤ ᠨᠢ ᠥᠷᠭᠡᠨ᠂ ᠠᠭᠤᠯᠭ᠎ᠠ ᠨᠢ ᠪᠠᠶᠠᠯᠢᠭ ᠪᠣᠯᠵᠠᠢ ᠭᠡᠵᠦ ᠢᠯᠡᠳᠬᠡᠵᠡᠭᠡᠪᠡ᠃    ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ᠤᠯᠠᠭᠠᠨᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ᠂ ᠨᠤᠲᠤᠭ ᠲᠠᠭᠠᠨ ᠪᠤᠴᠠᠵᠤ ᠦᠢᠯᠡᠰ ᠪᠣᠰᠬᠠᠭᠰᠠᠨ ᠣᠶᠤᠲᠠᠨ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠲᠥᠯᠥᠭᠡᠯᠡᠭᠴᠢ᠂ ᠦᠨᠳᠦᠰᠦᠨ ᠱᠠᠲᠤᠨ ᠤ ᠭᠦᠳᠡᠯᠮᠦᠷᠢ ᠶᠢᠨ ᠪᠠᠲᠤᠯᠠᠭ᠎ᠠ ᠶᠢᠨ ᠴᠣᠩᠬᠤᠪᠴᠢ ᠶᠢᠨ ᠠᠵᠢᠯᠲᠠᠨ ᠵᠡᠷᠭᠡ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠲᠡᠭᠦᠰᠬᠦ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠵᠡᠷᠭᠡ ᠠᠰᠠᠭᠤᠳᠠᠯ ᠤᠨ ᠲᠤᠬᠠᠢ ᠨᠢᠭᠡᠳ ᠨᠢᠭᠡ ᠪᠠᠷ ᠲᠣᠳᠣᠷᠬᠠᠶᠢᠯᠠᠨ ᠲᠠᠶᠢᠯᠪᠤᠷᠢᠯᠠᠪᠠ᠃ ᠤᠯᠠᠭᠠᠨᠬᠤᠲᠠ ᠶᠢᠨ ᠬᠢᠩᠭᠠᠨ ᠠᠳᠠᠯ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠠᠯᠠᠭᠴᠢ ᠸᠠᠩ ᠯᠢ ᠯᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ᠄ ︽ᠮᠠᠰᠢ ᠶᠡᠭᠡ ᠰᠡᠩᠬᠡᠷᠡᠭᠦᠯᠦᠯ ᠣᠯᠵᠤ᠂ ᠮᠠᠰᠢ ᠶᠡᠭᠡ ᠵᠣᠷᠢᠭᠵᠢᠭᠤᠯᠤᠯ ᠬᠦᠷᠲᠡᠵᠡᠢ᠃ ᠠᠳᠠᠯ ᠠᠬᠤᠢ ᠶᠢᠨ ᠠᠵᠢᠯᠯᠠᠭᠴᠢ ᠪᠣᠯᠤᠭᠰᠠᠨ ᠤ ᠬᠤᠪᠢ ᠳᠤ᠂ ᠬᠤᠶᠢᠰᠢᠳᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠣᠯᠣᠨ ᠠᠵᠢᠯ ᠤᠨ ᠪᠠᠶᠢᠷᠢ ᠳᠤ ᠲᠣᠮᠢᠯᠠᠬᠤ ᠠᠵᠢᠯ ᠣᠯᠭᠤᠬᠤ ᠲᠠᠯ᠎ᠠ ᠪᠠᠷ ᠦᠷᠭᠦᠯᠵᠢᠯᠡᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ ︾ ᠭᠡᠯ᠎ᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号