ᠡᠨᠡ ᠤᠳᠠᠭᠠᠨ ᠤ ᠡᠷᠲᠡᠨ ᠤ ᠬᠡᠪ ᠨᠠᠮᠪᠠ ᠲᠠᠢ ᠬᠠᠮᠲᠤ ᠶᠢᠨ ᠬᠤᠷᠢᠮ ᠤᠨ ᠶᠣᠰᠣᠯᠠᠯ ᠨᠢ ᠮᠠᠰᠢ ᠷᠣᠮᠠᠨᠲ᠋ᠢᠭ ᠪᠠᠶᠢᠬᠤ ᠶᠢ ᠪᠦᠬᠦ ᠬᠤᠲᠠ ᠪᠠᠷ ᠢᠶᠠᠨ ᠭᠡᠷᠡᠴᠢᠯᠡᠪᠡ
ᠨᠡᠶᠢᠲᠡᠯᠡᠭᠰᠡᠨ ᠴᠠᠭ᠄
2024/8/18
   8 ᠰᠠᠷ᠎ᠠ ᠶᠢᠨ 17 ᠤ ᠡᠳᠦᠷ᠂ ᠲᠦᠴᠢᠦᠸᠠᠨ ᠰᠢᠶᠠᠨ ︽ᠬᠠᠶᠢᠷ᠎ᠠ ᠶᠢᠨ ᠴᠦᠨ ᠵᠧᠦ︾ ᠭᠡᠬᠦ ᠴᠦᠨ ᠵᠧᠦ  ᠶᠢᠨ ᠡᠷᠲᠡᠨ ᠤ ᠬᠤᠲᠠ ᠶᠢᠨ ᠬᠠᠮᠲᠤ ᠶᠢᠨ ᠬᠤᠷᠢᠮ ᠤᠨ ᠨᠥᠬᠦᠷᠯᠡᠯ ᠤᠨ ᠲᠣᠮᠣ ᠬᠡᠯᠪᠡᠷᠢ ᠶᠢᠨ ᠠᠵᠢᠯᠯᠠᠭ᠎ᠠ ᠡᠷᠭᠢᠯᠡᠪᠡ᠃ ᠬᠥᠳᠡᠯᠭᠡᠭᠡᠨ ᠮᠢᠩᠭ᠎ᠠ ᠭᠠᠷᠤᠶ ᠬᠥᠮᠦᠨ ᠢ ᠲᠠᠲᠠᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ 8 ᠬᠤᠤᠰ ᠰᠢᠨ᠎ᠡ ᠬᠥᠮᠦᠨ ᠤᠯᠠᠭᠠᠨ ᠥᠩᠭᠡ ᠪᠠᠷ ᠴᠢᠮᠡᠭᠯᠡᠵᠦ᠂ ᠳᠤᠮᠳᠠᠳᠤ ᠤᠯᠤᠰ ᠤᠨ ᠡᠷᠲᠡᠨ ᠤ ᠰᠣᠩᠭᠤᠳᠠᠭ ᠬᠤᠷᠢᠮ ᠤᠨ ᠶᠣᠰᠣ ᠵᠠᠩᠰᠢᠯ ᠳᠠᠬᠢ ᠭᠤᠷᠪᠠᠨ ᠮᠥᠷᠭᠦᠯ᠂ ᠬᠠᠮᠲᠤᠷᠠᠬᠤ ᠶᠣᠰᠣᠯᠠᠯ᠂ ᠭᠡᠷ᠎ᠡ ᠲᠣᠭᠲᠠᠬᠤ ᠶᠣᠰᠣᠯᠠᠯ ᠵᠡᠷᠭᠡ ᠰᠣᠩᠭᠤᠳᠠᠭ ᠶᠣᠰᠣᠯᠠᠯ ᠢᠶᠠᠷ ᠳᠠᠮᠵᠢᠭᠤᠯᠤᠨ᠂ ᠣᠯᠠᠨ  ᠤ ᠬᠠᠮᠲᠤ ᠶᠢᠨ ᠭᠡᠷᠡᠴᠢᠯᠡᠯ ᠳᠤ ︽ᠨᠠᠰᠤᠨ ᠤ ᠪᠣᠯᠵᠤᠭ᠎ᠠ︾ ᠲᠣᠭᠲᠠᠭᠠᠪᠠ᠃ ᠦᠪᠡᠳᠡᠭᠰᠢ ᠶᠡᠭᠡ᠂ ᠰᠦᠷ ᠵᠢᠪᠬᠤᠯᠠᠩᠲᠠᠶ᠂ ᠬᠡᠭᠡᠨᠴᠢᠷ ᠪᠣᠯᠪᠠᠴᠤ ᠶᠡᠷᠦᠮᠳᠡᠭ ᠪᠤᠰᠤ᠂ ᠪᠠᠶᠠᠷᠯᠠᠬᠤ ᠪᠣᠯᠪᠠᠴᠤ ᠦᠶᠮᠡᠭᠦᠯᠬᠦ ᠥᠬᠡᠶ᠂ ᠶᠣᠰᠣᠯᠠᠯ ᠤᠨ ᠰᠡᠳᠬᠢᠯᠭᠡ ᠪᠠᠷ ᠳᠦᠭᠦᠷᠡᠩ ᠪᠥᠭᠡᠳ ᠳᠤᠮᠳᠠᠳᠤ ᠤᠯᠤᠰ ᠤᠨ ᠤᠯᠠᠮᠵᠢᠯᠠᠯᠲᠤ ᠬᠢᠲᠠᠳ ᠮᠠᠶ᠋ᠢᠭ ᠤᠨ ᠡᠷᠲᠡᠨ ᠤ ᠬᠡᠪ ᠨᠠᠮᠪᠠ ᠲᠠᠢ ᠪᠠᠶᠢᠵᠤ᠂ ︽ᠴᠤᠯᠤ ᠨᠥᠬᠦᠷᠰᠡᠭ᠂ ᠴᠡᠪᠡᠷ ᠬᠠᠶᠢᠷ᠎ᠠ ᠲᠠᠢ᠂ ᠪᠣᠷᠣᠭᠵᠢᠭᠤᠨ ᠬᠤᠷᠢᠮ ᠤᠨ ᠶᠣᠰᠣ︾ ᠭᠡᠬᠦ ᠰᠢᠨ᠎ᠡ ᠣᠷᠤᠭ ᠬᠤᠷᠢᠮ ᠤᠨ ᠵᠠᠩ ᠦᠶᠯᠡ ᠶᠢᠨ ᠦᠵᠡᠯᠲᠡ ᠶᠢ ᠪᠣᠶ ᠪᠣᠯᠭᠠᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠦᠨᠳᠦᠰᠦᠲᠡᠨ ᠤ ᠰᠣᠶᠣᠯ ᠤᠨ ᠢᠲᠡᠭᠡᠯ ᠢ ᠨᠡᠮᠡᠭᠳᠡᠭᠦᠯᠪᠡ᠃    ︽ᠪᠢᠳᠡ ᠡᠨᠡ ᠵᠢᠯ ᠤᠨ ᠬᠠᠪᠤᠷ ᠬᠤᠷᠢᠮᠯᠠᠪᠠ᠂ ᠧᠦ᠋ᠷᠣᠫᠠ ᠮᠠᠶ᠋ᠢᠭ ᠤᠨ ᠬᠤᠷᠢᠮ ᠤᠨ ᠶᠣᠰᠣᠯᠠᠯ ᠢ ᠡᠷᠬᠢᠯᠡᠪᠡ᠂ ᠡᠨᠡ ᠤᠳᠠᠭ᠎ᠠ ᠳᠤᠮᠳᠠᠳᠤ ᠶᠢᠨ ᠮᠠᠶ᠋ᠢᠭ ᠤᠨ ᠬᠤᠷᠢᠮ ᠤᠨ ᠶᠣᠰᠣᠯᠠᠯ ᠳᠤ ᠣᠷᠣᠯᠴᠠᠪᠠ᠂ ᠮᠠᠰᠢ ᠶᠡᠭᠡ ᠳᠤᠷᠠᠰᠬᠠᠬᠤ ᠦᠨ᠎ᠡ ᠥᠷᠲᠡᠭ ᠲᠠᠢ ᠰᠠᠨᠠᠭᠳᠠᠵᠤ᠂ ᠪᠢᠳᠡᠨ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠂ ᠰᠡᠭᠦᠯᠡᠷ ᠡᠨᠡ ᠤᠳᠠᠭᠠᠨ ᠤ ᠬᠥᠳᠡᠯᠭᠡᠭᠡᠨ ᠢ ᠡᠷᠭᠢᠴᠡᠭᠦᠯᠪᠡᠯ᠂ ᠪᠠᠰᠠ ᠮᠠᠰᠢ ᠤᠳᠬ᠎ᠠ ᠠᠭᠤᠯᠭ᠎ᠠ ᠲᠠᠢ ᠰᠠᠨᠠᠭᠳᠠᠨ᠎ᠠ᠃ ︾ ᠭᠡᠵᠦ ᠰᠢᠨ᠎ᠡ ᠬᠥᠮᠦᠨ ᠸᠠᠩ ᠳ᠋ᠦᠩ ᠢ ᠬᠡᠯᠡᠪᠡ᠃
   ᠠᠵᠢᠯᠯᠠᠭ᠎ᠠ ᠶᠢᠨ ᠠᠬᠤᠶ ᠲᠠᠯᠠᠪᠠᠶ ᠳᠤ ᠬᠠᠮᠲᠤ ᠶᠢᠨ ᠬᠤᠷᠢᠮ ᠠᠴᠠ ᠭᠠᠳᠠᠨ᠎ᠠ᠂ ᠪᠠᠰᠠ ᠰᠡᠯᠡᠭᠦᠴᠡᠯ ᠵᠤᠭ᠎ᠠ ᠴᠡᠩᠭᠡᠯ᠂ ᠳᠤᠷ᠎ᠠ ᠰᠣᠨᠢᠷᠬᠠᠯ ᠤᠨ ᠦᠶᠯᠡᠳᠦᠯᠴᠡᠯ᠂ ᠳᠠᠭᠤᠤ ᠬᠥᠭᠵᠢᠮ ᠤᠨ ᠲᠣᠭᠯᠠᠯᠲᠠ᠂ ᠬᠡᠭᠡᠷ᠎ᠡ ᠪᠠᠭᠤᠳᠠᠯᠯᠠᠬᠤ ᠰᠢᠷᠠᠯᠠᠭ᠎ᠠ ᠵᠡᠷᠭᠡ ᠣᠯᠠᠨ ᠵᠦᠶᠯ ᠤᠨ ᠡᠯᠧᠮᠧᠨ᠋ᠲ ᠢ ᠠᠭᠤᠰᠬᠠᠵᠤ᠂ ᠥᠷᠭᠡᠨ ᠣᠯᠠᠨ ᠵᠤᠭᠠᠴᠠᠭᠰᠠᠳ ᠲᠤ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ ᠤᠨ ᠥᠷᠲᠡᠭᠡᠴᠢᠯᠡᠭᠰᠡᠨ ᠮᠠᠶ᠋ᠢᠭ ᠤᠨ ᠣᠶᠢᠯᠠᠭᠠᠯᠲᠠ ᠬᠠᠩᠭᠠᠵᠤ᠂ ᠲᠤᠬᠠᠶ ᠶᠢᠨ ᠲᠠᠯᠠᠪᠠᠶ ᠳᠤ ᠨᠠᠩ ᠴᠤ ︽ᠬᠤᠷᠢᠮ ᠤᠨ ᠵᠠᠭᠤᠴᠢ︾ ᠶᠠᠷᠢᠶ᠎ᠠ ᠬᠡᠯᠡᠯᠴᠡᠭᠡ᠂ ᠬᠠᠳᠬᠤᠮᠠᠯ ᠪᠥᠮᠪᠦᠭᠡ ᠰᠢᠳᠡᠵᠦ ᠬᠦᠷᠭᠡᠨ ᠤᠷᠢᠬᠤ ᠵᠡᠷᠭᠡ ᠭᠤᠭᠴᠤᠭ᠎ᠠ ᠶᠢ ᠬᠢᠵᠦ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠪᠠᠶᠠᠷ ᠪᠠᠭ᠋ᠠᠳᠤᠯ ᠢ ᠮᠡᠳᠡᠷᠡᠭᠦᠯᠪᠡ᠃
   ︽ᠪᠤᠤ ᠱᠢ ᠪᠠᠯᠭᠠᠰᠤᠨ ᠤ ᠦᠵᠡᠮᠵᠢ ᠣᠨᠴᠠᠭᠠᠢ ᠰᠠᠶᠢᠬᠠᠨ᠂ ᠠᠳᠡ ᠢᠷᠡᠭᠡᠳ ᠤᠷᠮ᠎ᠠ ᠰᠡᠳᠬᠢᠯᠭᠡ ᠪᠦᠷ ᠰᠠᠶᠢᠨ ᠪᠣᠯᠤᠨ᠎ᠠ᠂ ᠥᠨᠥᠳᠦᠷ ᠤᠨ ᠬᠥᠳᠡᠯᠭᠡᠭᠡᠨ ᠤ ᠠᠭᠤᠯᠭ᠎ᠠ ᠲᠤᠩ ᠪᠠᠶᠠᠯᠢᠭ᠂ ᠮᠠᠨ ᠤ ᠨᠢᠭᠡ ᠭᠡᠷ ᠢᠶᠠᠷ ᠢᠶᠠᠨ ᠪᠠᠰᠠ ᠲᠤᠩ ᠪᠠᠶᠠᠷᠲᠠᠢ ᠨᠠᠭᠠᠳᠴᠠᠢ᠃︾ ᠭᠡᠵᠦ ᠵᠢᠭᠤᠯᠴᠢᠯᠠᠭᠴᠢ ᠯᠢᠦ ᠹᠧᠩ ᠵᠢᠶᠧ ᠬᠡᠯᠡᠪᠡ᠃
   ᠲᠦᠩᠯᠢᠶᠣᠤ ᠬᠤᠳᠠ ᠶᠢᠨ ᠨᠠᠢᠮᠠᠨ ᠬᠤᠰᠢᠭᠤᠨ ᠠᠴᠠ ᠢᠷᠡᠭᠰᠡᠨ ᠵᠤᠭᠠᠴᠠᠭᠴᠢ ᠢᠤᠢ ᠳ᠋ᠧ ᠶᠠᠩ᠄ ︽ᠪᠢ ᠥᠨᠥᠳᠦᠷ ᠲᠤᠰᠬᠠᠶᠢᠯᠠᠨ ᠡᠨᠡ ᠤᠳᠠᠭᠠᠨ ᠤ ᠨᠥᠬᠦᠷᠯᠡᠯ ᠤᠨ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠶᠤᠮ᠂ ᠠᠳᠡ ᠨᠡᠩ ᠤᠯᠠᠨ ᠨᠠᠶᠢᠵᠠ ᠲᠠᠢ ᠪᠣᠯᠬᠤ ᠶᠢ ᠬᠦᠰᠡᠵᠦ ᠪᠠᠶᠢᠨ᠎ᠠ᠂ ᠠᠳᠡ ᠢᠷᠡᠭᠰᠡᠨ ᠬᠥᠮᠦᠰ ᠴᠦ ᠰᠡᠳᠬᠢᠯ ᠤᠨ ᠬᠠᠨᠢ ᠪᠠᠨ ᠤᠯᠬᠤ ᠶᠢ ᠬᠦᠰᠡᠵᠦ ᠪᠠᠶᠢᠨ᠎ᠠ︾ ᠭᠡᠵᠡᠢ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠲᠦᠷᠦᠯ ᠲᠡᠮᠲᠡᠭ ᠤᠨ ᠭᠤᠣᠯ ᠴᠣᠭᠴᠠ ᠶᠢᠨ ᠲᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠤᠭᠠᠴᠠᠯ ᠤᠨ ᠲᠠᠯᠲᠠ ᠬᠦᠴᠦᠨ ᠢ ᠭᠦᠨᠵᠡᠭᠡᠢ ᠠᠭᠤᠳᠠᠯᠵᠤ᠂ ᠮᠢᠩ ᠰᠢᠩ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ᠂ ᠪᠤᠤ ᠱᠢ ᠬᠥᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠰᠡᠯᠡᠭᠦᠴᠡᠨ ᠲᠡᠭᠦᠬᠦ ᠪᠠᠷ ᠰᠠᠭᠤᠷᠢ ᠪᠣᠯᠭᠠᠭᠰᠠᠨ᠂ ᠠᠮᠠᠷᠠᠨ ᠵᠤᠭᠠᠴᠠᠵᠦ ᠤᠶᠢᠯᠭᠠᠬᠤ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠯᠲᠡ ᠪᠠᠷ ᠣᠨᠴᠠᠯᠢᠭ ᠪᠣᠯᠭᠠᠭᠰᠠᠨ᠂ ᠰᠤᠳᠤᠯᠤᠨ ᠰᠤᠷᠤᠯᠴᠠᠬᠤ ᠪᠠᠷ ᠤᠷᠲᠤᠳᠬᠠᠭᠰᠠᠨ ᠵᠤᠭᠠᠴᠠᠯ ᠤᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠢᠶᠠᠨ ᠤ ᠬᠡᠪᠴᠢᠶᠡᠨ  ᠤ ᠵᠤᠭᠠᠴᠠᠯ ᠤᠨ ᠳᠠᠪᠠᠭᠤᠯᠢᠭ ᠡᠬᠢ ᠪᠠᠶᠠᠯᠢᠭ ᠢ ᠵᠤᠭᠠᠴᠠᠯ ᠤᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠦᠴᠢᠦᠸᠠᠨ ᠤ ᠵᠤᠭᠠᠴᠠᠯ ᠤᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠴᠢᠨᠠᠷ ᠰᠠᠶᠢᠲᠠᠢ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号