ᠠᠷᠪᠠᠨ ᠲᠠᠪᠤᠳᠤᠭᠠᠷ ᠬᠤᠭᠤᠴᠠᠭᠠᠨ ᠤ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/2
   ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠢ ᠪᠦᠬᠦᠨ ᠢ ᠪᠡᠶᠡᠯᠡᠭᠦᠯᠵᠦ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠨᠢ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ  ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠵᠠᠷᠯᠠᠨ ᠮᠡᠳᠡᠭᠳᠡᠵᠦ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠶᠡᠷᠦᠩᠬᠡᠢ ᠪᠠᠶᠢᠷᠢᠯᠠᠭᠤᠯᠤᠯᠲᠠ ᠬᠢᠵᠡᠢ᠃    ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠣᠭᠤᠷᠢᠨ ᠪᠠᠶᠢᠴᠠᠭᠠᠭᠳᠠᠵᠤ ᠪᠠᠶᠢᠭ᠎ᠠ ᠰᠢᠶᠠᠩ ᠪᠠᠯᠭᠠᠰᠤ ᠵᠢᠴᠢ ᠲᠣᠰᠬᠤᠨ ᠤ ᠵᠣᠬᠢᠶᠠᠨ ᠪᠠᠶᠢᠭᠤᠯᠤᠯᠲᠠ ᠳᠤ ︽ᠨᠢᠭᠡ ᠳᠤ ᠨᠢᠭᠡ︾ ᠬᠠᠷᠢᠭᠤ ᠲᠤᠰᠬᠠᠵᠥ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠲᠣᠭᠤᠷᠢᠨ ᠪᠠᠶᠢᠴᠠᠭᠠᠭᠳᠠᠵᠤ ᠪᠠᠶᠢᠭ᠎ᠠ ᠰᠢᠶᠠᠩ ᠪᠠᠯᠭᠠᠰᠤᠨ ᠤ ᠨᠠᠮ ᠤᠨ ᠬᠤᠷᠢᠶᠠᠨ  ᠤ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠠᠰᠠᠭᠤᠳᠠᠯ ᠢ ᠮᠡᠳᠡᠭᠳᠡᠭᠰᠡᠨ ᠪᠥᠭᠡᠳ ᠨᠠᠮ ᠤᠨ ᠬᠤᠷᠢᠶᠠᠨ ᠤ ᠤᠳᠤᠷᠢᠳᠬᠤ ᠪᠠᠭ ᠵᠢᠴᠢ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠵᠠᠢ᠃ ᠴᠠᠭᠳᠠᠨ ᠪᠠᠶᠢᠴᠠᠭᠠᠭᠳᠠᠭᠰᠠᠨ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠤᠰ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠰᠢᠶᠠᠩ ᠪᠠᠯᠭᠠᠰᠤ ᠵᠢᠴᠢ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠪᠠᠰᠠ ᠨᠡᠯᠢᠶᠡᠳ ᠲᠤᠪᠤᠶᠢᠮ᠎ᠠ ᠠᠰᠠᠭᠤᠳᠠᠯ ᠣᠷᠣᠰᠢᠵᠤ ᠪᠠᠶᠢᠨ᠎ᠠ᠄    ᠵᠡᠭᠦᠨ ᠲᠦᠷᠦᠯᠵᠢ ᠪᠠᠯᠭᠠᠰᠤᠨ ᠤ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ  ᠶᠢ ᠪᠣᠳᠠᠲᠠᠶᠢᠵᠢᠭᠤᠯᠤᠭᠰᠠᠨ ᠦᠭᠡᠢ︔ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠳᠤᠲᠠᠮᠠᠭ ᠪᠠᠶᠢᠨ᠎ᠠ︔ ᠬᠠᠮᠲᠤ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠰᠢᠶᠳᠪᠦᠷᠢᠯᠡᠭᠰᠡᠨ ᠦᠭᠡᠶ︔ ᠡᠵᠡᠩᠨᠡᠨ ᠬᠠᠮᠢᠶᠠᠷᠬᠤ ᠥᠷᠲᠡᠭᠡ ᠲᠣᠰᠬᠤᠨ ᠤ ᠲᠡᠰ ᠤᠨ ᠬᠡᠷᠡᠭ ᠶᠠᠪᠤᠳᠠᠯ ᠢ ᠬᠠᠮᠢᠶᠠᠷᠤᠨ ᠵᠢᠯᠤᠭᠤᠳᠤᠯᠭ᠎ᠠ ᠲᠤᠳᠠᠮᠠᠭ︔ ᠲᠣᠰᠬᠤᠨ ᠤ ᠱᠠᠲᠤᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠬᠦ ᠳᠤ ᠬᠦᠷᠦᠯᠴᠡᠬᠦ ᠦᠭᠡᠶ ᠪᠠᠶᠢᠨ᠎ᠠ︔ ᠡᠳᠦᠷ ᠲᠤᠲᠤᠮ ᠤᠨ ᠬᠢᠨᠠᠯᠲᠠ ᠳᠤ ᠳᠤᠲᠠᠭᠳᠠᠯ ᠲᠠᠢ᠃ᠱᠦᠶ ᠴᠢᠤᠸᠠᠨ ᠪᠠᠯᠭᠠᠰᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ︔ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠠᠮᠢᠶᠠᠷᠤᠯᠲᠠ ᠳᠤᠲᠠᠭᠳᠠᠯ ᠲᠠᠢ ︔ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠭᠦᠶᠴᠡᠳ ᠪᠤᠰᠤ︔ ᠬᠠᠮᠲᠤ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠳᠤᠲᠠᠮᠠᠭ︔ ᠡᠵᠡᠩᠨᠡᠨ ᠬᠠᠮᠢᠶᠠᠷᠬᠤ ᠥᠷᠲᠡᠭᠡ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠨ᠎ᠠ︔ ᠡᠳ᠋ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠬᠡᠷᠡᠭᠵᠢᠭᠦᠯᠦᠭᠰᠡᠨ ᠢᠶᠠᠷ ᠴᠢᠩᠭ᠎ᠠ ᠪᠢᠰᠢ︔ ᠡᠳᠦᠷ ᠲᠤᠲᠤᠮ ᠤᠨ ᠬᠢᠨᠠᠯᠲᠠ ᠳᠤᠲᠠᠮᠠᠭ᠃    ᠶᠦᠩ ᠠᠨ ᠪᠠᠯᠭᠠᠰᠤ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠳᠤᠲᠠᠮᠠᠭ ᠪᠠᠶᠢᠨ᠎ᠠ︔ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠭᠦᠶᠴᠡᠳ ᠪᠤᠰᠤ︔ ᠬᠠᠮᠲᠤ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠰᠤᠯᠠ︔ ᠲᠦᠷᠦᠯ ᠵᠦᠢᠯ ᠤᠨ ᠬᠠᠮᠢᠶᠠᠷᠤᠯᠲᠠ ᠳᠤ ᠠᠶᠤᠯ ᠲᠦᠭᠰᠢᠭᠦᠷᠢ ᠣᠷᠣᠰᠢᠵᠤ ᠪᠠᠶᠢᠨ᠎ᠠ︔ ᠡᠳ᠋ ᠤᠨ ᠶᠠᠪᠤᠳᠠᠯ ᠤᠨ ᠳᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ︔ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠦᠷᠦᠯᠴᠡᠬᠦ ᠦᠭᠡᠢ︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ ᠴᠢᠳᠠᠭᠰᠠᠨ ᠦᠭᠡᠢ᠃    ᠰᠢᠤᠸᠠᠢ ᠲᠢᠶᠠᠨ ᠰᠢᠶᠠᠩ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠨᠢ ᠤᠳᠠᠭᠠᠨ︔ ᠪᠡᠯᠡ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ ᠳᠤ ᠳᠤᠲᠠᠭᠳᠠᠯ ᠲᠠᠢ︔ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ  ᠶᠢ ᠭᠦᠶᠴᠡᠳᠬᠡᠬᠦ ᠲᠠᠯ᠎ᠠ ᠪᠠᠷ ᠳᠤᠲᠠᠭᠳᠠᠯ ᠲᠠᠢ ᠪᠠᠶᠢᠨ᠎ᠠ︔ ᠰᠤᠷᠲᠠᠯ ᠤᠨ ᠪᠠᠶᠢᠭᠤᠯᠤᠯᠲᠠ ᠯᠠᠪᠳᠠᠭᠤᠨ ᠪᠠᠲᠤᠲᠠᠶ ᠪᠢᠰᠢ︔ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤᠲᠠᠮᠠᠭ ᠪᠠᠶᠢᠨ᠎ᠠ︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠨᠢᠭᠡ ᠠᠴᠠ ᠵᠦᠶᠴᠢᠯᠡᠵᠦ ᠨᠥᠭᠦᠭᠡ ᠶᠢ ᠮᠡᠳᠡᠬᠦ ᠶᠢ ᠪᠡᠶᠡᠯᠡᠭᠦᠯᠦᠭᠰᠡᠨ ᠦᠭᠡᠢ᠃     ᠲᠠᠢ ᠫᠢᠩ ᠰᠢᠶᠠᠩ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠳᠠᠭᠠᠨ ᠶᠠᠪᠤᠭᠳᠠᠵᠤ ᠪᠠᠶᠢᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ︔ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠣᠳᠠᠲᠠᠶ ᠪᠢᠰᠢ︔ ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠬᠤ ᠠᠵᠢᠯ ᠭᠦᠨᠵᠡᠭᠡᠶ ᠪᠤᠰᠤ︔ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠨᠢ ᠬᠦᠷᠦᠯᠴᠡᠬᠦ ᠦᠭᠡᠢ︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠨᠢᠭᠡ  ᠠᠴᠠ ᠵᠦᠶᠴᠢᠯᠡᠵᠦ ᠨᠥᠭᠦᠭᠡ ᠶᠢ ᠮᠡᠳᠡᠬᠦ ᠶᠢ ᠪᠡᠶᠡᠯᠡᠭᠦᠯᠦᠭᠰᠡᠨ ᠦᠭᠡᠢ᠃    ᠵᠢᠦ ᠯᠦᠩ ᠰᠢᠶᠠᠩ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠳᠤ ᠳᠤᠲᠠᠭᠳᠠᠯ ᠲᠠᠢ︔ ᠬᠥᠷᠥᠩᠭᠡ ᠶᠢᠨ ᠬᠠᠮᠢᠶᠠᠷᠤᠯᠲᠠ ᠳᠤᠲᠠᠮᠠᠭ︔ ᠡᠬᠢ ᠪᠠᠶᠠᠯᠢᠭ ᠤᠨ ᠬᠠᠮᠢᠶᠠᠷᠤᠯᠲᠠ ᠳᠤ ᠳᠤᠲᠠᠭᠤᠳᠠᠯ ᠣᠷᠣᠰᠢᠵᠤ ᠪᠠᠶᠢᠨ᠎ᠠ︔ ᠺᠠᠳ᠋ᠷᠴᠤᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠪᠣᠳᠠᠲᠠᠶ ᠬᠡᠷᠡᠭᠵᠢᠭᠦᠯᠦᠭᠰᠡᠨ ᠥᠬᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号