ᠵᠤᠨ ᠤ ᠤᠯᠠᠷᠢᠯ ᠳᠤ ᠠᠯᠠᠰᠢᠨ ᠦᠬᠡᠷ ᠢ ᠪᠣᠷᠳᠣᠵᠤ ᠲᠠᠷᠭᠤᠯᠠᠭᠤᠯᠬᠤ ᠠᠷᠭ᠎ᠠ ᠳᠡᠮ ︵ᠨᠢᠭᠡ︶
ᠨᠡᠶᠢᠲᠡᠯᠡᠭᠰᠡᠨ ᠴᠠᠭ᠄
2024/8/2
   ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ ᠪᠠᠲᠠᠭᠠᠨ᠎ᠠ ᠵᠡᠷᠭᠡ ᠰᠢᠯᠲᠠᠭᠠᠨ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ ᠡᠶᠢᠮᠦ ᠠᠴᠠ ᠵᠣᠨ ᠤ ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ ᠵᠣᠨ ᠤ ᠤᠯᠠᠷᠢᠯ ᠳᠤ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ ᠯᠠᠪᠯᠠᠯᠲᠠ ᠪᠣᠯᠭᠠᠶ᠎ᠠ᠃    1. ᠮᠣᠳᠣᠨ ᠤ ᠰᠡᠭᠦᠳᠡᠷ ᠢᠶᠠᠷ ᠬᠠᠯᠠᠭᠤᠨ ᠢ ᠬᠠᠯᠬᠠᠯᠠᠨ᠂ ᠰᠠᠯᠬᠢ ᠵᠢᠪᠠᠷ ᠨᠡᠪᠲᠡᠷᠡᠭᠦᠯᠦᠨ ᠤᠰᠤ ᠰᠦᠷᠴᠢᠵᠦ ᠤᠬᠢᠶᠠᠨ᠎ᠠ    ᠤᠮᠠᠷᠠᠲᠤ ᠣᠷᠣᠨ ᠳᠤ ᠠᠯᠠᠰᠢᠨ ᠦᠬᠡᠷ ᠤᠨ ᠬᠠᠰᠢᠶ᠎ᠠ ᠶᠢᠨ ᠣᠯᠠᠩᠬᠢ ᠨᠢ ᠬᠠᠭᠠᠰ ᠪᠢᠲᠡᠭᠦᠮᠵᠢᠯᠡᠭᠰᠡᠨ ᠬᠡᠯᠪᠡᠷᠢ ᠲᠠᠢ ᠪᠠᠶᠢᠵᠤ᠂ ᠲᠡᠭᠦᠨ ᠤ ᠬᠡᠷᠡᠯ ᠬᠠᠯᠬᠠᠯᠠᠬᠤ ᠦᠢᠯᠡᠳᠦᠯ ᠨᠢ ᠨᠡᠯᠢᠶᠡᠳ ᠰᠠᠶᠢᠨ ᠪᠠᠶᠢᠳᠠᠭ᠃ ᠦᠬᠡᠷ ᠤᠨ ᠬᠠᠰᠢᠶᠠᠨ ᠤ ᠬᠤᠭᠤᠷᠣᠨᠳᠤ ᠮᠣᠳᠣ ᠵᠠᠶᠢᠯᠠᠬᠤ ᠪᠤᠶᠤ ᠵᠡᠯ᠎ᠡ ᠤᠷᠭᠤᠮᠠᠯ ᠢ ᠳᠠᠷᠢᠪᠠᠯ ᠬᠠᠯᠠᠭᠤᠨ ᠢ ᠬᠠᠯᠬᠠᠯᠠᠳᠠᠭ᠃ ᠰᠠᠯᠬᠢ ᠨᠡᠪᠲᠡᠷᠡᠬᠦ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠬᠠᠰᠢᠶ᠎ᠠ ᠰᠠᠷᠠᠪᠴᠢᠨ ᠳᠤ ᠰᠡᠩᠰᠡ ᠤᠭᠰᠠᠷᠠᠵᠤ᠂ ᠠᠭᠠᠷ ᠤᠨ ᠤᠷᠤᠰᠬᠠᠯ ᠢ ᠨᠡᠮᠡᠭᠳᠡᠭᠦᠯᠦᠨ᠂ ᠰᠠᠷᠠᠪᠴᠢ ᠶᠢᠨ ᠳᠤᠯᠠᠭᠠᠨ ᠢ ᠳᠣᠷᠣᠭᠰᠢᠯᠠᠭᠤᠯᠤᠨ᠎ᠠ᠃ ᠪᠠᠰᠠ ᠤᠰᠤᠨ ᠰᠦᠷᠴᠢᠭᠦᠷ ᠤᠨ ᠲᠥᠬᠦᠭᠡᠷᠦᠮᠵᠢ ᠶᠢ ᠤᠭᠰᠠᠷᠠᠵᠤ᠂ ᠠᠭᠠᠷ ᠤᠨ ᠳᠤᠯᠠᠭᠠᠨ ᠥᠨᠳᠥᠷ ᠮᠥᠷᠲᠡᠭᠡᠨ ᠬᠠᠭᠤᠷᠠᠢ ᠦᠶ᠎ᠡ ᠳᠤ ᠤᠰᠤᠨ ᠰᠦᠷᠴᠢᠭᠦᠷ ᠢ ᠰᠡᠩᠰᠡ ᠲᠠᠢ ᠬᠠᠮᠲᠤ ᠳᠤᠨᠢ ᠬᠡᠷᠡᠭᠯᠡᠨ᠎ᠡ᠃    2. ᠡᠳᠦᠷ ᠤᠨ ᠲᠡᠵᠢᠭᠡᠯ ᠪᠣᠷᠳᠣᠭᠠᠨ ᠳᠤ ᠲᠣᠬᠢᠷᠠᠭᠤᠯᠤᠯᠲᠠ ᠬᠢᠵᠦ᠂ ᠴᠠᠬᠢᠯᠭᠠᠨ ᠵᠠᠳᠠᠯᠤᠭᠳᠠᠬᠤᠨ ᠢ ᠵᠣᠬᠢᠰᠲᠠᠢ ᠨᠥᠬᠦᠪᠦᠷᠢᠯᠡᠬᠦ ᠬᠡᠷᠡᠭᠲᠡᠢ    ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠡᠳᠦᠷ ᠤᠨ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠠᠭᠤᠯᠤᠭᠳᠠᠴᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠪᠦᠳᠦᠭᠦᠨ ᠰᠢᠷᠬᠡᠭᠯᠢᠭ ᠲᠡᠵᠢᠭᠡᠯ ᠤᠨ ᠬᠡᠮᠵᠢᠶ᠎ᠡ ᠶᠢ ᠪᠠᠭᠠᠰᠬᠠᠵᠤ᠂ ᠤᠭᠤᠷᠠᠭ ᠪᠣᠯᠣᠨ ᠴᠡᠪᠡᠷ ᠡᠨᠧᠷᠭᠢ ᠶᠢ ᠰᠢᠩᠭᠡᠬᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠳᠦᠷ ᠤᠨ ᠲᠡᠵᠢᠭᠡᠯ ᠪᠣᠷᠳᠣᠭᠠᠨ ᠳᠠᠬᠢ ᠤᠭᠤᠷᠠᠭ ᠤᠨ ᠠᠭᠤᠯᠤᠭᠳᠠᠴᠠ ᠶᠢ 1% — 2% ᠢᠶᠠᠷ ᠨᠡᠮᠡᠭᠳᠡᠭᠦᠯᠵᠦ᠂ ᠡᠨᠧᠷᠭᠢ ᠶᠢᠨ ᠲᠡᠵᠢᠭᠡᠯ ᠪᠣᠷᠳᠤᠭ᠎ᠠ ᠶᠢ ᠬᠠᠷᠢᠴᠠᠩᠭᠤᠢ ᠪᠠᠷ ᠪᠠᠭᠠᠰᠬᠠᠵᠤ᠂ ᠴᠢᠳᠠᠬᠤ ᠶᠢᠨ ᠬᠢᠷᠢ ᠪᠠᠷ ᠨᠣᠭᠤᠭᠠᠨ ᠰᠢᠭᠦᠰᠦᠯᠢᠭ ᠲᠡᠵᠢᠭᠡᠯ ᠪᠣᠷᠳᠤᠭ᠎ᠠ ᠪᠠᠷ ᠢᠯᠡᠭᠦᠬᠡᠨ ᠲᠡᠵᠢᠭᠡᠵᠦ᠂ ᠢᠯᠴᠢ ᠶᠢᠨ ᠬᠤᠷᠣᠭᠳᠠᠯ ᠢ ᠪᠠᠭᠠᠰᠬᠠᠨ᠎ᠠ᠃ ᠠᠮᠢᠰᠬᠤᠭ᠎ᠠ ᠪᠠ ᠬᠥᠯᠥᠰᠦ ᠭᠠᠷᠬᠤ ᠬᠡᠮᠵᠢᠶ᠎ᠡ ᠨᠡᠮᠡᠭᠳᠡᠳᠡᠭ ᠠᠴᠠ ᠴᠠᠬᠢᠯᠭᠠᠨ ᠵᠠᠳᠠᠯᠤᠭᠳᠠᠬᠤᠨ ᠪᠠ ᠸᠢᠲ᠋ᠠᠮᠢᠨ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡᠯ ᠵᠣᠬᠢᠨ᠎ᠠ᠃ ᠵᠣᠨ ᠤ ᠤᠯᠠᠷᠢᠯ ᠤᠨ ᠥᠨᠳᠥᠷ ᠬᠠᠯᠠᠭᠤᠨ ᠳᠤ᠂ ᠠᠯᠠᠰᠢᠨ ᠦᠬᠡᠷ ᠤᠨ ᠣᠯᠠᠩᠬᠢ ᠨᠢ ᠰᠥᠨᠢ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠦᠶ᠎ᠡ ᠳᠤ ᠬᠥᠳᠡᠯᠭᠡᠭᠡᠨ ᠬᠢᠵᠦ ᠢᠳᠡᠰᠢᠯᠡᠨ᠎ᠡ᠂ ᠣᠷᠣᠢ ᠠᠮᠠᠷᠠᠬᠤ ᠠᠴᠠ ᠡᠮᠦᠨ᠎ᠡ᠂ ᠠᠯᠠᠰᠢᠨ ᠦᠬᠡᠷ ᠤᠨ ᠬᠠᠰᠢᠶᠠᠨ ᠳᠤ ᠲᠡᠵᠢᠭᠡᠯ ᠪᠣᠷᠳᠣᠭᠠᠨ ᠤ ᠵᠦᠢᠯ ᠢᠶᠠᠨ ᠭᠦᠢᠴᠡᠳ ᠬᠢᠪᠡᠯ ᠪᠣᠯᠴᠢᠬᠠᠨ᠎ᠠ᠃ ᠠᠯᠠᠰᠢᠨ ᠦᠬᠡᠷ ᠢᠳᠡᠭᠰᠡᠨ ᠤ ᠳᠠᠷᠠᠭ᠎ᠠ᠂ ᠨᠢᠭᠡ ᠡᠳᠦᠷ ᠲᠤ 18 ᠴᠠᠭ ᠤᠨᠲᠠᠵᠤ ᠲᠠᠶᠢᠯᠤᠨ᠎ᠠ᠂ ᠡᠨᠡ ᠨᠢ ᠠᠯᠠᠰᠢᠨ ᠦᠬᠡᠷ ᠤᠨ ᠬᠦᠨᠳᠦ ᠶᠢᠨ ᠨᠡᠮᠡᠭᠳᠡᠯ ᠳᠤ ᠠᠰᠢᠭᠲᠠᠢ᠃ ᠠᠯᠠᠰᠢᠨ ᠦᠬᠡᠷ ᠢ ᠵᠣᠨ ᠤ ᠤᠯᠠᠷᠢᠯ ᠤᠨ ᠥᠨᠳᠥᠷ ᠬᠠᠯᠠᠭᠤᠨ ᠳᠤ ᠮᠠᠰᠢ ᠲᠦᠷᠭᠡᠨ ᠢᠶᠠᠷ ᠲᠠᠷᠭᠤᠯᠠᠭᠤᠯᠤᠶ᠎ᠠ ᠭᠡᠪᠡᠯ᠂ ᠣᠷᠣᠢ ᠪᠦᠷᠢ 3 ᠤᠳᠠᠭ᠎ᠠ ᠲᠡᠵᠢᠭᠡᠬᠦ ᠠᠷᠭ᠎ᠠ ᠶᠢ ᠬᠡᠷᠡᠭᠯᠡᠵᠦ᠂ ᠣᠷᠣᠢ ᠶᠢᠨ 7 ᠴᠠᠭ᠂ ᠰᠥᠨᠢ ᠶᠢᠨ 11 ᠴᠠᠭ᠂ ᠥᠷᠯᠥᠭᠡ ᠶᠢᠨ 4 ᠴᠠᠭ ᠲᠤ ᠲᠣᠰ ᠪᠦᠷᠢ ᠨᠢᠭᠡ ᠤᠳᠠᠭ᠎ᠠ ᠲᠡᠵᠢᠭᠡᠯ ᠪᠣᠷᠳᠤᠭ᠎ᠠ ᠢᠳᠡᠭᠦᠯᠵᠦ᠂ ᠡᠳᠦᠷ ᠲᠡᠭᠡᠨ ᠦᠳᠡ ᠶᠢᠨ ᠡᠮᠦᠨᠡᠬᠢ 10 ᠴᠠᠭ ᠪᠠ ᠦᠳᠡ ᠶᠢᠨ ᠬᠤᠶᠢᠨᠠᠬᠢ 2 ᠴᠠᠭ ᠬᠠᠭᠠᠰ ᠲᠤ ᠲᠣᠰ ᠪᠦᠷᠢ 0.5% ᠶᠢᠨ ᠳᠠᠪᠤᠰᠤ ᠲᠠᠢ ᠤᠰᠤ ᠪᠠᠷ ᠨᠢᠭᠡ ᠤᠳᠠᠭ᠎ᠠ ᠤᠰᠤᠯᠠᠪᠠᠯ ᠪᠣᠯᠴᠢᠬᠠᠨ᠎ᠠ᠃    3. ᠥᠨᠳᠥᠷ ᠬᠠᠯᠠᠭᠤᠨ ᠠᠴᠠ ᠵᠠᠶᠢᠯᠠᠵᠤ ᠲᠡᠵᠢᠭᠡᠨ ᠠᠷᠠᠴᠢᠯᠠᠵᠤ᠂ ᠣᠯᠠᠨ ᠲᠡᠵᠢᠭᠡᠵᠦ ᠣᠯᠠᠨ ᠤᠰᠤᠯᠠᠨ᠎ᠠ    ᠦᠬᠡᠷ ᠤᠨ ᠢᠳᠡᠰᠢ ᠠᠪᠤᠭᠰᠠᠨ ᠤ ᠳᠠᠷᠠᠭᠠᠬᠢ 2 — 3 ᠴᠠᠭ ᠪᠣᠯ ᠢᠯᠴᠢ ᠶᠢᠨ ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠮᠥᠨ᠂ ᠡᠶᠢᠮᠦ ᠠᠴᠠ ᠲᠡᠵᠢᠭᠡᠬᠦ ᠴᠠᠭ ᠤᠨ ᠲᠠᠯ᠎ᠠ ᠪᠠᠷ ᠢᠯᠴᠢ ᠶᠢᠨ ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠪᠠ ᠠᠭᠠᠷ ᠤᠨ ᠳᠤᠯᠠᠭᠠᠨ ᠤ ᠣᠷᠭᠢᠯ ᠤᠨ ᠬᠤᠭᠤᠴᠠᠭ᠎ᠠ ᠳᠠᠪᠬᠤᠴᠠᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠨᠢᠭᠡ ᠡᠳᠦᠷ ᠤᠨ ᠳᠣᠲᠣᠷᠠᠬᠢ ᠳᠤᠯᠠᠭᠠᠨ ᠤ ᠬᠡᠮᠵᠢᠶ᠎ᠡ ᠬᠠᠷᠢᠴᠠᠩᠭᠤᠢ ᠳᠣᠣᠷ᠎ᠠ ᠴᠠᠭ ᠢ ᠰᠣᠩᠭᠤᠵᠤ ᠲᠡᠵᠢᠭᠡᠬᠦ ᠬᠡᠷᠡᠭᠲᠡᠢ᠃ 60% — 70% ᠶᠢᠨ ᠡᠳᠦᠷ ᠤᠨ ᠲᠡᠵᠢᠭᠡᠯ ᠪᠣᠷᠳᠤᠭ᠎ᠠ ᠶᠢ ᠣᠷᠣᠢ ᠶᠢᠨ 8 ᠴᠠᠭ ᠠᠴᠠ ᠬᠤᠶᠠᠳᠤᠭᠠᠷ ᠡᠳᠦᠷ ᠤᠨ ᠥᠷᠯᠥᠭᠡ ᠶᠢᠨ 8 ᠴᠠᠭ ᠤᠨ ᠬᠤᠭᠤᠷᠣᠨᠳᠤ ᠲᠡᠵᠢᠭᠡᠵᠦ ᠪᠣᠯᠣᠨ᠎ᠠ᠂ ᠢᠯᠠᠩᠭᠤᠶ᠎ᠠ ᠪᠦᠳᠦᠭᠦᠯᠢᠭ ᠪᠣᠷᠳᠤᠭ᠎ᠠ ᠶᠢ ᠣᠷᠣᠢ ᠶᠢᠨ 8 ᠴᠠᠭ᠂ ᠥᠷᠯᠥᠭᠡ ᠶᠢᠨ 5 ᠴᠠᠭ ᠠᠴᠠ ᠡᠮᠦᠨ᠎ᠡ ᠲᠣᠬᠢᠷᠠᠭᠤᠯᠵᠤ ᠪᠣᠯᠣᠨ᠎ᠠ᠃ ᠡᠭᠦᠨ ᠤ ᠬᠠᠮᠲᠤ 3 ᠤᠳᠠᠭ᠎ᠠ ᠲᠡᠵᠢᠭᠡᠵᠦ ᠪᠠᠶᠢᠭᠰᠠᠨ ᠢᠶᠠᠨ 4 ᠤᠳᠠᠭ᠎ᠠ ᠲᠡᠵᠢᠭᠡᠬᠦ ᠪᠣᠯᠭᠠᠨ ᠥᠭᠡᠷᠡᠴᠢᠯᠡᠵᠦ᠂ ᠰᠥᠨᠢ ᠳᠡᠭᠡᠨ ᠨᠢᠭᠡ ᠤᠳᠠᠭ᠎ᠠ ᠨᠥᠬᠦᠵᠦ ᠲᠡᠵᠢᠭᠡᠨ᠎ᠡ᠃ ᠣᠯᠠᠨ ᠤᠳᠠᠭ᠎ᠠ ᠤᠰᠤᠯᠠᠬᠤ ᠦᠶ᠎ᠡ ᠳᠤ 0.5% ᠶᠢᠨ ᠳᠠᠪᠤᠰᠤ ᠨᠡᠮᠡᠨ᠎ᠡ᠃ ᠵᠣᠨ ᠤ ᠤᠯᠠᠷᠢᠯ ᠳᠤ ᠠᠯᠠᠰᠢᠨ ᠦᠬᠡᠷ ᠤᠨ ᠤᠤᠭᠤᠬᠤ ᠤᠰᠤ ᠨᠢ ᠨᠡᠯᠢᠶᠡᠳ ᠠᠷᠪᠢᠨ ᠪᠠᠶᠢᠳᠠᠭ᠂ ᠡᠭᠦᠨ ᠤ ᠳᠣᠲᠣᠷ᠎ᠠ ᠬᠥᠬᠦᠭᠦᠯᠵᠦ ᠪᠠᠶᠢᠭ᠎ᠠ ᠠᠯᠠᠰᠢᠨ ᠦᠨᠢᠶ᠎ᠡ ᠪᠠ ᠲᠤᠭᠤᠯ ᠤᠨ ᠬᠡᠷᠡᠭᠰᠡᠬᠦ ᠤᠰᠤᠨ ᠤ ᠬᠡᠮᠵᠢᠶ᠎ᠡ ᠨᠢ ᠨᠠᠩ ᠶᠡᠭᠡ ᠪᠠᠶᠢᠳᠠᠭ᠂ ᠡᠶᠢᠮᠦ ᠠᠴᠠ ᠵᠣᠨ ᠤ ᠤᠯᠠᠷᠢᠯ ᠳᠤ ᠰᠢᠩᠭᠡᠨ ᠲᠡᠵᠢᠭᠡᠯ ᠢᠶᠠᠷ ᠲᠡᠵᠢᠭᠡᠪᠡᠯ ᠬᠠᠮᠤᠭ ᠤᠨ ᠰᠠᠶᠢᠨ ᠪᠠᠶᠢᠳᠠᠭ᠃ ᠬᠠᠰᠢᠶᠠᠨ ᠳᠠᠭᠠᠨ ᠰᠠᠪᠠ ᠪᠤᠶᠤ ᠤᠰᠤᠨ ᠣᠩᠭᠤᠴᠠ ᠲᠠᠯᠪᠢᠵᠤ᠂ ᠴᠠᠭ ᠲᠤᠬᠠᠢ ᠳᠤᠨᠢ ᠴᠡᠪᠡᠷ ᠤᠰᠤ ᠬᠠᠩᠭᠠᠨ᠎ᠠ᠃ ᠥᠨᠳᠥᠷ ᠬᠠᠯᠠᠭᠤᠨ ᠤ ᠪᠠᠶᠢᠳᠠᠯ ᠳᠣᠣᠷ᠎ᠠ᠂ ᠠᠯᠠᠰᠢᠨ ᠦᠬᠡᠷ ᠤᠨ ᠬᠠᠰᠢᠶᠠᠨ ᠳᠤ ᠨᠢᠭᠡ ᠨᠦᠬᠡ ᠮᠠᠯᠲᠠᠵᠤ᠂ ᠬᠤᠳᠳᠤᠭ ᠤᠨ ᠬᠦᠢᠲᠡᠨ ᠤᠰᠤ ᠶᠢ ᠭᠦᠢᠴᠡᠳ ᠴᠢᠳᠬᠤᠵᠤ᠂ ᠦᠬᠡᠷ ᠤᠨ ︽ᠬᠥᠯᠪᠡᠷᠢᠬᠦ ᠰᠢᠪᠠᠷ ︾ ᠢ ᠬᠠᠩᠭᠠᠨ᠎ᠠ᠂ ᠭᠡᠪᠡᠴᠦ ᠬᠤᠳᠳᠤᠭ ᠤᠨ ᠬᠦᠢᠲᠡᠨ ᠤᠰᠤ ᠶᠢ ᠰᠢᠭᠤᠳ ᠠᠯᠠᠰᠢᠨ ᠦᠬᠡᠷ ᠤᠨ ᠪᠡᠶ᠎ᠡ ᠳᠡᠭᠡᠷ᠎ᠡ ᠠᠰᠬᠠᠵᠤ ᠶᠠᠭᠠᠬᠢᠭᠰᠠᠨ ᠴᠤ ᠪᠣᠯᠬᠤ ᠦᠭᠡᠢ᠃    4. ᠬᠠᠯᠠᠭᠤᠨ ᠢ ᠠᠷᠢᠯᠭᠠᠬᠤ ᠴᠡᠪᠡᠷ ᠪᠣᠷᠳᠤᠭ᠎ᠠ ᠪᠠᠷ ᠢᠯᠡᠭᠦᠬᠡᠨ ᠲᠡᠵᠢᠭᠡᠨ᠎ᠡ    ᠦᠷᠭᠦᠯᠵᠢ ᠲᠣᠬᠢᠶᠠᠯᠳᠤᠳᠠᠭ ᠨᠢ ᠪᠤᠭᠤᠳᠠᠢ ᠶᠢᠨ ᠬᠡᠪᠡᠭ᠂ ᠪᠤᠷᠴᠠᠭ ᠤᠨ ᠪᠣᠣᠪᠤ᠂ ᠯᠣᠬᠠᠱᠧᠩ ᠤᠨ ᠪᠣᠣᠪᠤ᠂ ᠬᠢᠮᠡᠯ ᠳᠠᠪᠤᠰᠤ᠂ ᠯᠠᠩᠭᠤᠸᠠ ᠵᠡᠷᠭᠡ ᠶᠢ ᠨᠥᠬᠦᠴᠡᠯ ᠢᠶᠠᠨ ᠦᠨᠳᠦᠰᠦᠯᠡᠵᠦ ᠳᠤᠷ᠎ᠠ ᠪᠠᠷ ᠢᠶᠠᠨ ᠨᠡᠮᠡᠵᠦ᠂ ᠰᠢᠰᠢ᠂ ᠬᠠᠲᠠᠭᠠᠮᠠᠯ᠂ ᠬᠥᠪᠥᠩ ᠤᠨ ᠰᠦᠷᠡᠯ ᠪᠠ ᠪᠠᠵᠢᠮᠠᠭ ᠵᠡᠷᠭᠡ ᠬᠠᠯᠠᠭᠤᠨ ᠴᠢᠨᠠᠷ ᠲᠠᠢ ᠪᠣᠷᠳᠤᠭ᠎ᠠ ᠶᠢ ᠴᠢᠳᠠᠬᠤ ᠶᠢᠨ ᠬᠢᠷᠢ ᠪᠠᠷ ᠪᠠᠭ᠎ᠠ ᠲᠡᠵᠢᠭᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号