ᠮᠠᠨ ᠤ ᠤᠯᠤᠰ ᠤᠨ ᠪᠠᠶᠢᠭᠠᠯᠢ ᠶᠢᠨ ᠰᠢᠲᠠᠮᠠᠬᠠᠶ ᠬᠡᠶ  ᠶᠢᠨ ᠠᠰᠢᠭᠯᠠᠯᠲᠠ ᠶᠢᠨ ᠲᠥᠷᠥ ᠶᠢᠨ ᠪᠣᠳᠣᠯᠭ᠎ᠠ ᠳᠤ ᠰᠢᠨ᠎ᠡ ᠬᠤᠪᠢᠷᠠᠯᠲᠠ ᠭᠠᠷᠴᠠᠶ
ᠨᠡᠶᠢᠲᠡᠯᠡᠭᠰᠡᠨ ᠴᠠᠭ᠄
2024/8/2
   ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠪᠠᠶᠢᠭᠠᠯᠢ ᠶᠢᠨ ᠰᠢᠲᠠᠮᠠᠬᠠᠶ ᠬᠡᠶ ᠶᠢᠨ ᠠᠰᠢᠭᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠦ ᠳᠠᠷᠤᠮᠠᠯᠯᠠᠨ ᠲᠠᠷᠬᠠᠭᠠᠬᠰᠠᠨ ᠪᠦᠭᠡᠳ 2024 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠠᠷᠭ᠎ᠠ︾ ᠨᠢ ᠨᠡᠶᠢᠲᠡ 16 ᠵᠦᠢᠯ ᠢᠶᠠᠷ ᠪᠦᠷᠢᠯᠳᠦᠵᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠠᠰᠢᠭᠯᠠᠯᠲᠠ ᠶᠢᠨ ᠶᠡᠷᠦᠩᠬᠡᠶ ᠵᠠᠷᠴᠢᠮ᠂ ᠬᠡᠷᠡᠭᠯᠡᠬᠦ ᠬᠡᠪᠴᠢᠶ᠎ᠡ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠳᠡᠮᠵᠢᠬᠦ ᠴᠢᠭᠯᠡᠯ ᠢ ᠲᠣᠳᠣᠷᠬᠠᠶᠢᠯᠠᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠪᠦᠲᠦᠮᠵᠢᠲᠡᠶ ᠬᠥᠭᠵᠢᠬᠦ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠪᠠ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠠᠰᠢᠭᠯᠠᠯᠲᠠ ᠶᠢᠨ ᠴᠢᠭᠯᠡᠯ ᠳᠤ ︽ᠤᠷᠢᠳᠠᠪᠠᠷ ᠬᠡᠷᠡᠭᠯᠡᠬᠦ ᠲᠥᠷᠥᠯ᠂ ᠬᠢᠵᠠᠭᠠᠷᠯᠠᠬᠤ ᠲᠥᠷᠥᠯ᠂ ᠴᠠᠭᠠᠵᠠᠯᠠᠬᠤ ᠲᠥᠷᠥᠯ᠂ ᠵᠥᠪᠰᠢᠶᠡᠷᠡᠬᠦ ᠲᠥᠷᠥᠯ︾ ᠢ ᠦᠷᠭᠦᠯᠵᠢᠯᠡᠨ ᠬᠡᠷᠡᠭᠯᠡᠵᠦ᠂ ᠤᠷᠢᠳᠠᠪᠠᠷ ᠬᠡᠷᠡᠭᠯᠡᠬᠦ ᠲᠥᠷᠥᠯ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠠᠰᠢᠭᠯᠠᠯᠲᠠ ᠶᠢᠨ ᠴᠢᠭᠯᠡᠯ ᠳᠤ ᠬᠡᠶ ᠬᠡᠷᠡᠭᠯᠡᠬᠦ ᠶᠢ ᠪᠠᠲᠤᠯᠠᠨ᠎ᠠ︔ ᠪᠠᠶᠢᠭᠠᠯᠢ ᠶᠢᠨ ᠰᠢᠲᠠᠮᠠᠬᠠᠶ ᠬᠡᠢ ᠶᠢᠨ ᠠᠰᠢᠭᠯᠠᠯᠲᠠ ᠶᠢ ᠬᠢᠵᠠᠭᠠᠷᠯᠠᠬᠤ ᠴᠢᠭᠯᠡᠯ ᠳᠤ ᠬᠤᠯᠪᠣᠭᠳᠠᠯ ᠪᠦᠬᠦᠢ ᠦᠢᠯᠡᠳᠪᠦᠷᠢᠯᠡᠬᠦ ᠴᠢᠳᠠᠪᠤᠷᠢ ᠶᠢ ᠳᠠᠬᠢᠵᠤ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠦᠭᠡᠶ︔ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠬᠦ ᠶᠢ ᠴᠠᠭᠠᠵᠠᠯᠠᠬᠤ ᠴᠢᠭᠯᠡᠯ ᠳᠤ ᠳᠡᠭᠡᠳᠦ ᠤᠷᠤᠰᠬᠠᠯ ᠤᠨ ᠠᠵᠤ ᠠᠬᠤᠢᠯᠠᠯ ᠨᠢ ᠬᠡᠢ ᠬᠡᠷᠡᠭᠯᠡᠬᠦ ᠬᠡᠷᠡᠭᠴᠡᠭᠡ ᠶᠢ ᠬᠠᠩᠭᠠᠬᠤ ᠦᠭᠡᠢ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号