ᠴᠢᠬᠤᠯᠠ ᠮᠡᠳᠡᠭᠳᠡᠯ︕ ᠤᠳᠠᠯ ᠦᠭᠡᠢ ᠬᠡᠷᠡᠭᠵᠢᠭᠦᠯᠬᠦ ᠭᠡᠵᠦ ᠪᠤᠢ︕ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2024/8/2
   ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠭᠠᠷᠭᠠᠵᠤ ᠬᠦᠢᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ    ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠯᠡᠭᠦᠯᠵᠦ ︽ᠺᠣᠳ᠋ ᠢᠶᠠᠨ ᠭᠠᠷᠭᠠᠵᠤ ᠬᠦᠢᠴᠡᠳᠬᠡᠬᠦ︾ ᠠᠵᠢᠯ ᠢ ᠠᠬᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠵᠢᠭ ᠲᠠᠰ ᠳᠠᠷᠠᠭᠠᠯᠠᠯ ᠪᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠬᠰᠠᠨ ᠭᠡᠷᠡᠴᠢ᠂ ᠣᠨᠳᠣᠣ ᠭᠠᠵᠠᠷ ᠵᠢᠭᠡᠯᠡᠯᠭᠡ ᠶᠢᠨ ᠮᠦᠡᠭᠭᠦ ᠲᠤᠰᠢᠶᠠᠨ ᠬᠠᠳᠠᠭᠠᠯᠠᠵᠦ ᠬᠡᠷᠡᠭᠯᠡᠬᠦ ᠭᠡᠷᠡᠴᠢ᠂ ᠵᠢᠭᠡᠯᠡᠯᠭᠡ ᠶᠢᠨ ᠳ᠋ᠦᠩᠨᠡᠨ ᠪᠣᠳᠣᠭᠰᠠᠨ ᠭᠡᠷᠡᠴᠢ ᠵᠡᠷᠭᠡ ᠬᠤᠪᠢ ᠬᠥᠮᠦᠨ ᠤ ᠭᠡᠷᠡᠴᠢ ᠠᠪᠬᠤ ᠪᠠᠷ ᠭᠤᠶᠤᠴᠢᠯᠠᠬᠤ ᠦᠶᠡᠰ᠂ ᠲᠡᠭᠦᠨ ᠳᠤ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠭᠠᠷᠭᠠᠵᠤ ᠥᠭᠬᠦ᠂ ᠠᠷᠤ ᠲᠠᠪᠴᠠᠩ ᠤᠨ ᠠᠦ᠋ᠲ᠋ᠣ᠋ ᠪᠠᠶᠢᠴᠠᠭᠠᠨ ᠰᠢᠯᠭᠠᠯᠲᠠ ᠵᠡᠷᠭᠡ ᠦᠢᠯᠡᠴᠢᠯᠡᠭᠡ ᠬᠢᠬᠦ ᠳᠤ᠂ ᠨᠢᠭᠡᠳᠦᠯᠲᠡᠶ ︽ᠡᠯᠧᠺᠲᠷᠣᠨ ᠺᠣᠳ᠋︾ ᠢᠶᠠᠷ ᠤᠤᠯ ᠤᠨ 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠭᠠᠷᠭᠠᠵᠤ ᠬᠦᠢᠴᠡᠳᠬᠡᠬᠦ︾ ᠶᠢ ᠪᠡᠶᠡᠯᠡᠭᠦᠯᠦᠨ᠎ᠡ᠃ 2024 ᠣᠨ ᠤ 8 ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠭᠠᠷᠭᠠᠵᠤ ᠬᠦᠢᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠭᠡᠵᠦ ᠲᠤᠷᠠᠳᠴᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号