ᠰᠢᠤᠸᠠᠢ ᠲᠢᠶᠠᠨ ᠰᠢᠶᠠᠩ ︽ᠨᠢᠭᠡ ᠰᠦᠷᠴᠢᠪᠡᠯ ᠣᠯᠠᠨ ᠠᠬᠢᠭᠤᠯᠬᠤ︾ ᠶᠢ ᠪᠥᠬᠦ ᠲᠠᠯ᠎ᠠ ᠪᠠᠷ ᠥᠷᠨᠢᠭᠦᠯᠵᠦ᠂ ᠨᠠᠮᠤᠷ ᠤᠨ ᠠᠮᠤ ᠪᠤᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ ᠤᠨᠠᠯᠲᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/20
   ᠨᠢᠰᠴᠦ ᠪᠠᠭᠤᠬᠤ ᠵᠢᠯᠣᠭᠤᠴᠢ ᠦᠭᠡᠢ ᠨᠢᠰᠬᠡᠯ᠂ ᠶᠠᠭᠠᠷᠠᠯᠲᠠᠢ ᠡᠮ ᠨᠠᠢᠷᠠᠭᠤᠯᠤᠭᠴᠢ…… ᠨᠠᠮᠤᠷ ᠤᠨ ᠡᠬᠢᠨ  ᠳᠤ᠂ ᠡᠨᠡ ᠬᠦ ᠶᠠᠭᠠᠷᠠᠯᠲᠠᠢ ᠪᠠᠶᠢᠳᠠᠯ ᠨᠢ ᠠᠷᠠᠳ ᠤᠨ ᠰᠡᠳᠬᠢᠯ ᠢ ᠲᠠᠶᠢᠪᠤᠰᠢᠷᠠᠭᠤᠯᠵᠤ᠂ ᠬᠦᠰᠡᠯ ᠡᠷᠡᠮᠡᠯᠵᠡᠯ ᠢ ᠪᠤᠢ ᠪᠣᠯᠭᠠᠵᠤ ᠪᠠᠶᠢᠨ᠎ᠠ᠃
   ᠣᠳᠣᠬᠠᠨ ᠳᠤ᠂ ᠰᠢᠤᠸᠠᠢ ᠲᠢᠶᠠᠨ ᠰᠢᠶᠠᠩ ᠤᠨ ᠭᠤᠤᠯ ᠭᠠᠷᠤᠯᠲᠠ ᠶᠢᠨ ᠣᠷᠣᠨ ᠤ ᠡᠷᠳᠡᠨᠢ ᠰᠢᠰᠢ ᠵᠠᠯᠭᠠᠭ᠎ᠠ  ᠪᠠᠷ ᠪᠤᠳᠠᠭᠠᠯᠬᠠᠤ ᠬᠤᠭᠤᠴᠠᠭᠠᠨ ᠳᠤ ᠣᠷᠣᠵᠤ᠂ ᠤᠨᠠᠯᠲᠠ ᠪᠦᠷᠢᠯᠳᠦᠬᠦ ᠵᠠᠩᠭᠢᠯᠠᠭ᠎ᠠ ᠶᠢᠨ ᠬᠤᠭᠤᠴᠠᠭ᠎ᠠ ᠪᠣᠯᠬᠤ ᠪᠥᠭᠡᠳ ︽ᠨᠢᠭᠡ ᠰᠦᠷᠴᠢᠪᠡᠯ ᠣᠯᠠᠨ ᠠᠬᠢᠭᠤᠯᠬᠤ︾ ᠴᠤᠩᠬᠤᠪᠴᠢ ᠶᠢᠨ ᠬᠤᠭᠤᠴᠠᠭ᠎ᠠ ᠪᠣᠯᠤᠨ᠎ᠠ᠂ ᠭᠡᠪᠡᠴᠦ ᠨᠠᠮᠤᠷ  ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠤᠯᠬᠤ ᠳᠤ ᠪᠠᠰᠠ ᠦᠶᠡᠷ ᠤᠰᠤᠲᠤᠯ᠂ ᠳᠣᠤᠷ᠎ᠠ ᠳᠤᠯᠠᠭᠠᠨ ᠪᠠ ᠡᠪᠡᠳᠴᠢᠨ ᠬᠤᠷᠣᠬᠠᠶ ᠵᠡᠷᠭᠡ ᠭᠠᠮᠰᠢᠭ ᠤᠨ ᠰᠦᠷᠳᠡᠭᠦᠯᠦᠯ ᠳᠤ ᠲᠤᠯᠭᠠᠷᠠᠵᠤ ᠪᠠᠶᠢᠨ᠎ᠠ᠃ ᠨᠠᠮᠤᠷ ᠤᠨ ᠠᠮᠤ ᠪᠤᠳᠠᠭᠠᠨ  ᠤ ᠦᠷᠡᠵᠢᠯ ᠤᠨ ᠳᠤᠮᠳᠠ ᠰᠡᠭᠦᠯᠴᠢ ᠶᠢᠨ ᠬᠤᠭᠤᠴᠠᠭᠠᠨ ᠳᠤ᠂ ᠨᠠᠪᠴᠢᠨ ᠤ ᠪᠣᠷᠲᠣᠭᠤᠷ᠂ ᠬᠤᠷᠣᠬᠠᠶ ᠠᠯᠠᠵᠤ ᠪᠠᠺᠲ᠋ᠧᠷᠢ ᠠᠯᠠᠬᠤ ᠡᠳ᠋ ᠵᠡᠷᠭᠡ ᠶᠢ ᠬᠤᠯᠢᠵᠤ ᠰᠦᠷᠴᠢᠨ ᠣᠷᠣᠭᠤᠯᠪᠠᠯ᠂ ᠨᠢᠭᠡ ᠤᠳᠠᠭᠠᠨ ᠤ ᠠᠵᠢᠯ ᠨᠢ ᠥᠰᠥᠯᠲᠡ ᠪᠣᠶᠢᠵᠢᠯᠲᠠ ᠶᠢ ᠠᠬᠢᠭᠤᠯᠬᠤ᠂ ᠡᠭᠡᠳᠡᠩ ᠴᠢᠳᠬᠤᠬᠤ ᠶᠢ ᠠᠬᠢᠭᠤᠯᠬᠤ᠂ ᠭᠠᠮᠰᠢᠭ ᠤᠨ ᠳᠠᠷᠠᠭᠠᠬᠢ ᠰᠡᠷᠭᠦᠯᠲᠡ ᠶᠢ ᠠᠬᠢᠭᠤᠯᠬᠤ᠂ ᠤᠨᠠᠯᠲᠠ ᠶᠢᠨ ᠳᠡᠭᠡᠭᠰᠢᠯᠡᠯᠲᠡ ᠶᠢ ᠠᠬᠢᠭᠤᠯᠬᠤ ᠵᠡᠷᠭᠡ ᠣᠯᠠᠨ ᠳᠠᠪᠬᠤᠷ ᠦᠶᠯᠡᠳᠦᠯ ᠢ ᠪᠡᠶᠡᠯᠡᠭᠦᠯᠵᠦ᠂ ᠨᠠᠮᠤᠷ ᠤᠨ ᠠᠮᠤ ᠪᠤᠳᠠᠭᠠᠨ ᠤ ᠳᠤᠮᠳᠠ ᠰᠡᠭᠦᠯᠴᠢ ᠶᠢᠨ ᠬᠤᠭᠤᠴᠠᠭᠠᠨ ᠳᠤ ᠭᠠᠮᠰᠢᠭ ᠢ ᠰᠡᠷᠭᠡᠶᠢᠯᠡᠬᠦ᠂ ᠭᠠᠮᠰᠢᠭ ᠥᠬᠡᠶ ᠤᠨᠠᠯᠲᠠ ᠶᠢ ᠨᠡᠮᠡᠭᠳᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠰᠢᠤᠸᠠᠢ ᠲᠢᠶᠠᠨ ᠰᠢᠶᠠᠩ ︽ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠰᠢᠯᠢᠳᠡᠭ ᠲᠠᠷᠢᠶᠠᠨ ᠡᠮ ᠰᠣᠩᠭᠤᠬᠤ᠂ ᠨᠠᠷᠢᠨ ᠣᠨᠣᠪᠴᠢᠲᠠᠶ ᠪᠠᠷ ᠰᠦᠷᠴᠢᠨ ᠣᠷᠣᠭᠤᠯᠬᠤ᠂ ᠠᠮᠤᠷ ᠲᠦᠪᠰᠢᠨ ᠢ ᠦᠨᠡᠨ ᠬᠦ ᠪᠠᠲᠤᠯᠠᠬᠤ︾ ᠵᠠᠷᠴᠢᠮ ᠢ ᠪᠠᠷᠢᠮᠲᠠᠯᠠᠵᠤ᠂ ︽ᠨᠢᠭᠡ ᠰᠦᠷᠴᠢᠪᠡᠯ ᠣᠯᠠᠨ ᠠᠬᠢᠭᠤᠯᠬᠤ︾ ᠶᠢ ᠬᠡᠷᠡᠭᠵᠢᠭᠦᠯᠬᠦ ᠶᠢ ᠠᠬᠢᠭᠤᠯᠵᠤ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠭᠤᠷᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃
   ︽ᠨᠠᠰᠤ ᠪᠠᠷ ᠢᠶᠠᠨ ᠲᠠᠷᠢᠶᠠᠴᠢᠨ ᠪᠣᠯᠣᠭᠠᠳ᠂ ᠲᠠᠷᠢᠶ᠎ᠠ ᠲᠠᠷᠢᠬᠤ ᠳᠤ ᠶᠡᠷᠦ ᠠᠴᠠ ᠡᠶᠢᠮᠦ ᠠᠮᠠᠷᠬᠠᠨ ᠪᠣᠯᠤᠭᠰᠠᠨ ᠦᠭᠡᠢ︾ ᠭᠡᠵᠦ ᠵᠢᠶᠠᠨ ᠱᠠᠨ ᠲᠣᠰᠬᠤᠨ ᠤ ᠠᠷᠠᠳ ᠯᠠᠩ ᠭᠦᠸᠧ ᠴᠢᠶᠠᠩ  ᠥᠪᠡᠷ ᠤᠨ ᠡᠷᠳᠡᠨᠢ ᠰᠢᠰᠢ ᠶᠢᠨ ᠲᠠᠷᠢᠶᠠᠨ ᠳᠤ ᠪᠠᠨ ᠵᠣᠭᠰᠣᠵᠤ᠂ ᠢᠨᠢᠶᠡᠮᠰᠦᠭᠯᠡᠯ ᠢᠶᠠᠷ ᠪᠢᠯᠬᠠᠨ᠎ᠠ᠃ ᠬᠡᠳᠦᠨ ᠵᠢᠯᠣᠭᠤᠴᠢ ᠥᠬᠡᠶ ᠨᠢᠰᠬᠡᠯ ᠶᠠᠭ ᠣᠭᠲᠠᠷᠭᠤᠶ ᠳᠤ ᠰᠦᠯᠵᠢᠯᠳᠦᠵᠦ᠂ ᠡᠷᠲᠡ ᠪᠣᠯᠪᠠᠰᠤᠷᠠᠬᠤ᠂ ᠪᠠᠺᠲ᠋ᠧᠷᠢ ᠤᠰᠠᠳᠬᠠᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠠᠵᠢᠯ ᠢ ᠬᠢᠵᠦ ᠪᠠᠶᠢᠨ᠎ᠠ᠃ ᠯᠠᠩ ᠭᠦᠸᠧ ᠴᠢᠶᠠᠩ ᠠᠬ᠎ᠠ ᠶᠢᠨ ᠬᠡᠯᠡᠬᠦ ᠪᠠᠷ᠂ ᠲᠡᠲᠡ ᠥᠪᠡᠷ  ᠢᠶᠠᠨ ᠬᠠᠷᠢᠯᠴᠠᠬᠤ ᠬᠡᠷᠡᠭ ᠦᠭᠡᠢ᠂ ᠥᠪᠡᠷ ᠢᠶᠠᠨ ᠠᠵᠢᠯᠯᠠᠬᠤ ᠬᠡᠷᠡᠭ ᠦᠭᠡᠢ᠂ ᠴᠢᠨᠠᠭᠰᠢᠯᠠᠪᠠᠯ ᠥᠪᠡᠷ ᠢᠶᠠᠨ ᠵᠣᠭᠤᠰ ᠲᠤᠰᠢᠶᠠᠬᠤ ᠴᠤ ᠬᠡᠷᠡᠭ ᠦᠭᠡᠢ᠂ ᠰᠢᠶᠠᠩ ᠤᠨ ᠵᠠᠰᠠᠭ ᠤᠨ ᠣᠷᠳᠣᠨ ᠲᠡᠲᠡᠨ ᠢ ᠬᠠᠪᠰᠤᠷᠴᠤ ᠠᠯᠢᠪᠠ ᠶᠢ  ᠰᠢᠢᠳᠪᠦᠷᠢᠯᠡᠨ᠎ᠡ ᠭᠡᠪᠡ᠃ ᠰᠢᠤᠸᠠᠢ ᠲᠢᠶᠠᠨ ᠰᠢᠶᠠᠩ ᠡᠨᠡ ᠵᠢᠯ ︽ᠨᠢᠭᠡ ᠰᠦᠷᠴᠢᠪᠡᠯ ᠣᠯᠠᠨ ᠠᠬᠢᠭᠤᠯᠬᠤ︾ ᠲᠠᠯᠠᠪᠠᠶ ᠶᠢ 3.5 ᠲᠦᠮᠡᠨ ᠮᠥ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠡᠶᠢᠲᠡ 2 ᠲᠦᠮᠡᠨ ᠮᠥ ᠨᠠᠪᠴᠢᠨ ᠤ ᠪᠣᠷᠲᠣᠭᠤᠷ ᠰᠦᠷᠴᠢᠨ ᠲᠠᠭᠤᠰᠪᠠ᠃    ᠲᠠᠷᠠᠭᠠᠴᠢ ᠶᠢᠨ ᠠᠯᠬᠤᠮ ᠳᠤ᠂ ᠰᠢᠤᠸᠠᠢ ᠲᠢᠶᠠᠨ ᠰᠢᠶᠠᠩ ᠲᠠᠷᠢᠶᠠᠯᠠᠩ ᠤᠨ ᠮᠡᠷᠭᠡᠵᠢᠯᠲᠡᠨ ᠢ ᠢᠳᠡᠪᠬᠢᠲᠡᠶ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠨ᠂ ︽ᠨᠢᠭᠡ ᠰᠦᠷᠴᠢᠪᠡᠯ ᠣᠯᠠᠨ ᠠᠬᠢᠭᠤᠯᠬᠤ︾ ᠠᠵᠢᠯ  ᠢ ᠪᠥᠬᠦ ᠲᠠᠯ᠎ᠠ ᠪᠠᠷ ᠬᠡᠷᠡᠭᠵᠢᠭᠦᠯᠦᠨ ᠨᠠᠷᠢᠯᠢᠬᠵᠢᠭᠤᠯᠵᠤ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠦᠨ ᠡᠯᠪᠡᠭ ᠬᠤᠷᠢᠶᠠᠯᠲᠠ ᠤᠯᠬᠤ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号