ᠤᠷᠤᠯᠳᠤᠭᠠᠨ ᠢᠶᠠᠷ ᠵᠠᠭᠤᠴᠢᠯᠠᠭᠤᠷ ᠪᠣᠯᠭᠠᠵᠤ᠂ ᠪᠡᠶ᠎ᠡ ᠶᠢᠨ ᠲᠠᠮᠢᠷ ᠤᠨ ᠦᠪᠡᠳᠡᠭᠰᠢ ᠨᠠᠶᠢᠷ ᠢ ᠬᠠᠮᠲᠤ ᠪᠠᠷ | ᠡᠳ᠋ᠯᠡᠨ᠎ᠡ᠃ 8 ᠰᠠᠷ᠎ᠠ ᠶᠢᠨ 18 ᠤ ᠡᠳᠦᠷ᠂ ᠣᠯᠠᠨ ᠤ ᠠᠩᠬᠠᠷᠤᠯ ᠢ ᠲᠠᠲᠠᠭᠰᠠᠨ 2024 ᠣᠨ ᠤ ᠲᠦᠴᠢᠦᠸᠠᠨ | ᠰᠢᠶᠠᠨ ᠤ ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠬᠤᠨᠳᠠᠭᠠᠲᠤ︾ ᠮᠢᠩ ᠰᠢᠩ ᠨᠠᠭᠤᠷ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ ᠳᠠᠬᠢᠨᠲᠠ | ᠡᠬᠢᠯᠡᠵᠦ᠂ 600 ᠭᠠᠷᠤᠶ ᠳᠤᠭᠤᠶ ᠤᠨᠤᠵᠤ ᠠᠶᠠᠯᠠᠬᠤ ᠪᠠᠭ᠋ᠠᠳᠠᠨ ᠲᠦᠴᠢᠦᠸᠠᠨ ᠰᠢᠶᠠᠨ ᠤ ᠮᠢᠩ ᠰᠢᠩ ᠨᠠᠭᠤᠷ ᠲᠤ | ᠴᠤᠭᠯᠠᠷᠠᠵᠤ᠂ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢᠨ ᠦᠵᠡᠯᠴᠡᠭᠡᠨ ᠥᠷᠨᠢᠭᠦᠯᠪᠡ᠃ | | ᠬᠢᠨᠠᠭᠴᠢ ᠶᠢᠨ ᠱᠦᠭᠯᠦ ᠶᠢᠨ ᠳᠠᠭᠤᠨ ᠢ ᠳᠠᠭᠠᠯᠳᠤᠨ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ | ᠬᠥᠪᠴᠢ ᠠᠴᠠ ᠰᠠᠯᠤᠭᠰᠠᠨ ᠰᠤᠮᠤ ᠮᠡᠲᠦ᠂ ᠬᠦᠴᠦᠯᠡᠨ ᠤᠷᠤᠭᠰᠢᠯᠠᠵᠤ ᠰᠢᠪᠲᠤᠯᠤᠯᠲᠠ ᠬᠢᠪᠡ᠃ ᠤᠷᠤᠯᠳᠤᠭᠠᠨ ᠤ | ᠶᠠᠪᠤᠭᠳᠠᠬᠤ ᠶᠢ ᠳᠠᠭᠠᠯᠳᠤᠨ᠂ ᠲᠠᠮᠢᠷᠴᠢᠳ ᠬᠠᠷᠢᠯᠴᠠᠨ ᠪᠤᠯᠢᠶᠠᠯᠳᠤᠨ ᠳᠠᠪᠠᠨ᠎ᠠ᠃ ᠪᠦᠬᠦ ᠤᠷᠤᠯᠳᠤᠭᠠᠨ ᠤ ᠵᠠᠮ ᠨᠢ | ᠶᠠᠭ ᠯᠠ ᠬᠡᠰᠦᠭᠦᠯ ᠯᠣᠣ ᠠᠳᠠᠯᠢ ᠪᠠᠶᠢᠵᠤ᠂ ᠵᠠᠮ ᠳᠠᠭᠠᠤ ᠣᠢ ᠮᠣᠳᠣ ᠡᠪᠡᠰᠦ ᠤᠷᠭᠤᠮᠠᠯ᠂ ᠨᠠᠭᠤᠷ ᠴᠥᠭᠦᠷᠥᠮ | ᠵᠡᠷᠭᠡ ᠪᠠᠶᠢᠭᠠᠯᠢ ᠶᠢᠨ ᠦᠵᠡᠮᠵᠢ ᠨᠢ ᠵᠢᠷᠤᠭ ᠮᠡᠨᠳᠦ ᠪᠠᠶᠢᠵᠦ᠂ ᠲᠠᠮᠢᠷᠴᠢᠳ ᠨᠠᠭᠤᠷ ᠪᠦᠷᠢᠳᠦ ᠠᠭᠤᠯᠠ ᠤᠰᠤᠨ ᠤ | ᠲᠤᠮᠳᠠ ᠰᠦᠯᠵᠢᠯᠳᠦᠵᠦ᠂ ᠪᠦᠬᠦ ᠲᠠᠯ᠎ᠠ ᠪᠠᠷ ᠪᠠᠶᠢᠭᠠᠯᠢ ᠶᠢᠨ ᠭᠤᠸ᠎ᠠ ᠰᠠᠶᠢᠬᠠᠨ ᠢ ᠮᠡᠳᠡᠷᠡᠨ᠎ᠡ᠃ | | ︽ᠪᠢ ᠠᠩᠬ᠎ᠠ ᠤᠳᠠᠭ᠎ᠠ ᠡᠶᠢᠮᠦ ᠳᠤᠭᠤᠶ ᠤᠨᠤᠬᠤ ᠤᠷᠤᠯᠳᠤᠭᠠᠨ ᠳᠤ ᠣᠷᠣᠯᠴᠠᠵᠤ ᠪᠠᠶᠢᠨ᠎ᠠ᠂ ᠳᠤᠭᠤᠶ | ᠲᠡᠷᠭᠡ ᠤᠨᠤᠭᠰᠠᠨ ᠠᠴᠠ ᠨᠠᠰᠢ ᠪᠢ ᠮᠠᠰᠢ ᠣᠯᠠᠨ ᠪᠠᠶᠠᠷ ᠪᠠᠶᠠᠰᠤᠯ ᠲᠠᠢ ᠪᠣᠯᠵᠠᠶ᠂ ᠥᠨᠥᠳᠦᠷ ᠨᠠᠩ ᠰᠠᠶᠢᠨ ᠤᠷᠮ᠎ᠠ | ᠰᠡᠳᠬᠢᠯᠭᠡ᠂ ᠨᠠᠩ ᠰᠠᠶᠢᠨ ᠠᠮᠢᠳᠤᠷᠠᠯ ᠣᠯᠬᠤ ᠶᠢ ᠬᠦᠰᠡᠵᠦ ᠪᠠᠶᠢᠨ᠎ᠠ᠃ ︾ ᠭᠡᠵᠦ ᠤᠷᠤᠯᠳᠤᠭᠠᠨ ᠳᠤ | ᠣᠷᠣᠯᠴᠠᠭᠰᠠᠨ ᠲᠠᠮᠢᠷᠴᠢᠨ ᠵᠤᠤ ᠲᠢᠩ ᠲᠢᠩ ᠬᠡᠯᠡᠪᠡ᠃ | | ᠲᠤᠰ ᠤᠳᠠᠭᠠᠨ ᠤ ᠤᠷᠤᠯᠳᠤᠭᠤᠨ ᠳᠤ ᠲᠤᠰᠬᠠᠶ ᠮᠡᠷᠭᠡᠵᠢᠯ ᠤᠨ ᠳᠤᠭᠤᠢᠯᠠᠩ᠂ ᠠᠵᠢᠯ ᠤᠨ ᠴᠢᠯᠥᠭᠡᠨ ᠤ | ᠳᠤᠭᠤᠢᠯᠠᠩ ᠪᠠ ᠵᠢᠭᠤᠯᠴᠢᠯᠠᠯ ᠤᠨ ᠳᠤᠭᠤᠢᠯᠠᠩ ᠵᠡᠷᠭᠡ ᠭᠤᠷᠪᠠᠨ ᠳᠤᠭᠤᠢᠯᠠᠩ ᠲᠣᠬᠢᠷᠠᠭᠤᠯᠵᠤ᠂ ᠲᠤᠰᠬᠠᠶ ᠮᠡᠷᠭᠡᠵᠢᠯ | ᠤᠨ ᠳᠤᠭᠤᠢᠯᠠᠩ ᠤᠨ ᠳᠤᠭᠤᠶ ᠤᠨᠤᠬᠤ ᠵᠠᠮ ᠱᠤᠭᠤᠮ ᠢ 42 ᠺᠢᠯᠣᠮᠧᠲᠷ᠂ ᠠᠵᠢᠯ ᠤᠨ ᠴᠢᠯᠥᠭᠡᠨ ᠤ ᠳᠤᠭᠤᠢᠯᠠᠩ | ᠤᠨ ᠳᠤᠭᠤᠶ ᠤᠨᠤᠬᠤ ᠵᠠᠮ ᠱᠤᠭᠤᠮ ᠢ 14 ᠺᠢᠯᠣᠮᠧᠲᠷ ᠲᠣᠬᠢᠷᠠᠭᠤᠯᠪᠠ᠃ | | ᠤᠷᠤᠯᠳᠤᠭᠠᠨ ᠤ ᠵᠠᠮ ᠳᠤ᠂ ᠲᠠᠮᠢᠷᠴᠢᠳ ᠨᠡᠩ ᠲᠦᠷᠭᠡᠨ᠂ ᠨᠡᠩ ᠥᠨᠳᠥᠷ᠂ ᠨᠡᠩ ᠴᠢᠩᠭ᠎ᠠ᠂ ᠨᠡᠩ | ᠪᠦᠯᠬᠦᠮᠳᠡᠯ ᠲᠠᠢ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠷᠭᠢᠯᠤᠮ᠎ᠠ ᠰᠡᠳᠬᠢᠯᠭᠡ ᠪᠠᠷ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ᠂ ᠡᠷᠡᠭᠦᠯ ᠰᠠᠷᠠᠭᠤᠯ ᠠᠮᠢᠳᠤᠷᠠᠯ ᠤᠨ ᠬᠢᠵᠠᠭᠠᠯᠠᠰᠢ ᠦᠭᠡᠢ ᠷᠢᠳᠢ ᠰᠢᠳᠢ ᠶᠢ | ᠲᠠᠶᠢᠯᠪᠤᠷᠢᠯᠠᠵᠤ᠂ ᠬᠥᠮᠦᠰ ᠢ ᠰᠣᠴᠢᠭᠠᠮ᠎ᠠ ᠬᠠᠳᠠᠨ ᠵᠣᠷᠢᠭ ᠪᠠ ᠲᠡᠰᠪᠦᠷᠢ ᠲᠡᠪᠴᠢᠶᠡᠷᠢ ᠶᠢ ᠢᠯᠡᠷᠡᠭᠦᠯᠪᠡ᠃ | | ︽ᠪᠢ ᠨᠢᠭᠡᠨᠲᠡ ᠳᠤᠭᠤᠶ ᠤᠨᠤᠭᠠᠳ 5 ᠵᠢᠯ ᠪᠣᠯᠵᠠᠶ᠂ ᠡᠷᠬᠢᠨ ᠲᠣᠭᠤᠷᠢᠨ ᠤ ᠳᠤᠭᠤᠶ ᠤᠨᠤᠬᠤ ᠠᠵᠢᠯᠯᠠᠭ᠎ᠠ | ᠳᠤ ᠪᠢ ᠪᠠᠰᠠ ᠬᠤᠶᠠᠷ ᠤᠳᠠᠭ᠎ᠠ ᠣᠷᠣᠯᠴᠠᠵᠤ ᠥᠩᠭᠡᠷᠡᠵᠡᠶ᠂ ᠳᠤᠭᠤᠶ ᠤᠨᠤᠬᠤ ᠶᠠᠪᠤᠴᠠ ᠶᠢ ᠮᠠᠰᠢ ᠡᠳ᠋ᠯᠡᠵᠦ᠂ ᠵᠠᠮ | ᠳᠠᠭᠠᠤ ᠶᠢᠨ ᠦᠵᠡᠮᠵᠢ ᠶᠢ ᠴᠦ ᠡᠳ᠋ᠯᠡᠵᠦ᠂ ᠠᠳᠠᠯᠢ ᠪᠤᠰᠤ ᠣᠯᠤᠯᠲᠠ ᠲᠠᠢ ᠪᠣᠯᠤᠨ᠎ᠠ᠃︾ ᠭᠡᠵᠦ ᠤᠷᠤᠯᠳᠤᠭᠠᠨ ᠳᠤ | ᠣᠷᠣᠯᠴᠠᠭᠰᠠᠨ ᠲᠠᠮᠢᠷᠴᠢᠨ ᠭᠤᠤ ᠳ᠋ᠠᠨ ᠳ᠋ᠠᠨ ᠬᠡᠯᠡᠪᠡ᠃ | | ᠣᠷᠭᠢᠯᠤᠮ᠎ᠠ ᠰᠡᠳᠬᠢᠯᠭᠡ ᠪᠠᠷ ᠳᠤᠭᠤᠶ ᠤᠨᠤᠬᠤ ᠳᠤᠮᠳᠠ ᠪᠠᠢᠭᠠᠯᠢ ᠲᠠᠢ ᠣᠢᠷᠠᠲᠤᠵᠤ᠂ ᠪᠠᠢᠭᠠᠯᠢ ᠶᠢ ᠡᠳ᠋ᠯᠡᠬᠦ | ᠳᠤᠮᠳᠠ ᠪᠠᠶᠠᠷ ᠪᠠᠶᠠᠰᠤᠯ ᠢ ᠮᠡᠳᠡᠷᠡᠨ᠎ᠡ᠃ ᠮᠢᠩ ᠰᠢᠩ ᠨᠠᠭᠤᠷ ᠦᠵᠡᠰᠬᠦᠯᠡᠩᠲᠦ ᠰᠠᠢᠬᠠᠨ ᠪᠠᠶᠢᠭᠠᠯᠢ ᠶᠢᠨ ᠦᠵᠡᠮᠵᠢ᠂ | ᠲᠠᠮᠢᠷᠴᠢᠳ ᠢ ᠣᠷᠭᠢᠯᠤᠮ᠎ᠠ ᠰᠡᠳᠬᠢᠯᠭᠡ ᠲᠠᠢ ᠳᠤᠭᠤᠶ ᠤᠨᠤᠬᠤ ᠳᠤᠮᠳᠠ ᠡᠩ ᠤᠨ ᠪᠤᠰᠤ ᠳᠤᠭᠤᠶ ᠤᠨᠤᠬᠤ | ᠠᠶᠠᠯᠠᠯ ᠢ ᠪᠡᠶᠡᠴᠢᠯᠡᠨ ᠮᠡᠳᠡᠷᠡᠭᠦᠯᠦᠨ᠎ᠡ᠃ | | ︽ᠪᠢ ᠨᠢᠭᠡᠨᠲᠡ 10 ᠭᠠᠷᠤᠶ ᠵᠢᠯ ᠳᠤᠭᠤᠶ ᠤᠨᠤᠪᠠ᠂ ᠡᠨᠡ ᠪᠣᠯ ᠬᠤᠶᠠᠳᠠᠬᠢ ᠤᠳᠠᠭ᠎ᠠ ᠲᠦᠴᠢᠦᠸᠠᠨ ᠰᠢᠶᠠᠨ | ᠤ ᠡᠷᠬᠢᠯᠡᠭᠰᠡᠨ ᠳᠤᠭᠤᠶ ᠲᠡᠷᠭᠡᠨ ᠤ ᠤᠷᠤᠯᠳᠤᠭᠠᠨ ᠳᠤ ᠣᠷᠣᠯᠴᠠᠵᠤ ᠪᠠᠶᠢᠭ᠎ᠠ ᠶᠠᠪᠤᠳᠠᠯ ᠪᠣᠯᠤᠨ᠎ᠠ᠂ ᠡᠨᠡ ᠤᠳᠠᠭᠠᠨ | ᠤ ᠪᠦᠬᠦ᠋ᠯᠡ ᠤᠷᠤᠯᠳᠤᠭᠠᠨ ᠤ ᠪᠠᠲᠤᠯᠠᠭ᠎ᠠ ᠶᠢᠨ ᠠᠵᠢᠯ ᠢ ᠮᠠᠰᠢ ᠰᠠᠶᠢᠨ ᠬᠢᠵᠦ᠂ ᠪᠢᠳᠡ ᠳᠤᠭᠤᠶ ᠤᠨᠤᠬᠤ ᠶᠠᠪᠤᠴᠠ | ᠶᠢ ᠬᠠᠨᠲᠠᠯ᠎ᠠ ᠡᠳ᠋ᠯᠡᠵᠦ ᠪᠣᠯᠤᠨ᠎ᠠ᠃ ᠮᠢᠨᠦ ᠪᠣᠳᠣᠬᠤ ᠪᠠᠷ ᠳᠤᠭᠤᠶ ᠤᠨᠤᠬᠤ ᠨᠢ ᠡᠷᠡᠭᠦᠯ ᠴᠢᠭᠢᠷᠠᠭ ᠢᠶᠠᠷ ᠪᠠᠷᠠᠬᠤ | ᠦᠭᠡᠢ ᠪᠠᠰᠠ ᠨᠥᠬᠦᠷᠯᠡᠯ ᠲᠠᠢ᠂ ᠣᠯᠠᠨ ᠢᠶᠠᠷ ᠢᠶᠠᠨ ᠢᠯᠡᠭᠦᠦ ᠭᠡᠷ ᠤᠨ ᠭᠠᠳᠠᠨᠠᠬᠢ ᠬᠥᠳᠡᠯᠭᠡᠭᠡᠨ ᠳᠤ ᠣᠷᠣᠯᠴᠠᠬᠤ | ᠶᠢ ᠬᠦᠰᠡᠵᠦ ᠪᠠᠶᠢᠨ᠎ᠠ᠃︾ ᠭᠡᠵᠦ ᠤᠷᠤᠯᠳᠤᠭᠤᠨ ᠳᠤ ᠣᠷᠣᠯᠴᠠᠭᠰᠠᠨ ᠲᠠᠮᠢᠷᠴᠢᠨ ᠸᠧᠶ ᠬᠤᠩ ᠱᠦᠢ ᠬᠡᠯᠡᠪᠡ᠃ | | ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠢᠮᠠᠭᠲᠠ ᠪᠡᠶ᠎ᠡ ᠶᠢᠨ ᠲᠠᠮᠢᠷ ᠢ ᠴᠢᠨᠠᠷ ᠰᠠᠶᠢᠲᠠᠶ | ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ | ᠡᠬᠢ ᠪᠠᠶᠠᠯᠢᠭ ᠢ ᠭᠦᠨᠵᠡᠭᠡᠶ ᠠᠭᠤᠳᠠᠯᠤᠨ ᠡᠮᠬᠢᠯᠡᠨ ᠨᠡᠶᠢᠯᠡᠭᠦᠯᠵᠦ᠂ ︽ᠵᠢᠭᠤᠯᠴᠢᠯᠠᠯ + ᠪᠡᠶ᠎ᠡ ᠶᠢᠨ ᠲᠠᠮᠢᠷ︾ ᠤᠨ | ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ᠥᠪᠡᠷᠮᠢᠴᠡ ᠣᠨᠴᠠᠯᠢᠭ ᠪᠥᠬᠦᠶ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠨᠠᠷᠠᠲᠤ ᠲᠡᠮᠳᠡᠭ ᠢ ᠬᠦᠴᠦᠯᠡᠨ ᠡᠭᠦᠳᠴᠦ᠂ ᠪᠥᠬᠦ ᠠᠷᠠᠳ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠰᠢᠶᠠᠨ ᠤ | ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠵᠢᠷᠠᠯ | ᠤᠨ ᠬᠦᠴᠦᠨ ᠨᠡᠮᠡᠷᠢᠯᠡᠪᠡ᠃ |