ᠦᠷᠡᠵᠢᠯ ᠤᠨ ᠡᠮ᠎ᠡ ᠬᠤᠨᠢᠨ ᠤ ᠣᠷᠤᠭ᠎ᠠ ᠣᠷᠣᠬᠤ ᠦᠭᠡᠢ ᠪᠠᠶᠢᠬᠤ ᠶᠢᠨ ᠰᠢᠯᠲᠠᠭᠠᠨ
ᠨᠡᠶᠢᠲᠡᠯᠡᠭᠰᠡᠨ ᠴᠠᠭ᠄
2024/8/20
   1. ᠪᠣᠷᠳᠤᠭ᠎ᠠ ᠲᠡᠵᠢᠭᠡᠬᠦ ᠬᠡᠮᠵᠢᠶ᠎ᠡ ᠬᠦᠷᠦᠯᠴᠡᠬᠦ ᠦᠭᠡᠢ    ᠨᠠᠶᠢᠷᠠᠯᠭ᠎ᠠ ᠨᠢ ᠵᠣᠬᠢᠰ ᠦᠭᠡᠢ᠂ ᠰᠢᠮ᠎ᠡ ᠲᠡᠵᠢᠭᠡᠯ ᠳᠤᠲᠠᠭᠳᠠᠬᠤ ᠦᠶ᠎ᠡ ᠳᠤ ᠡᠮ᠎ᠡ ᠬᠤᠨᠢ ᠨᠢ ᠣᠯᠠᠩᠬᠢ ᠳᠠᠭᠠᠨ ᠡᠴᠡᠩᠬᠡᠢ ᠪᠠᠭᠤᠷᠠᠢ ᠪᠣᠯᠵᠤ᠂ ᠪᠡᠶ᠎ᠡ ᠶᠢᠨ ᠡᠯ᠎ᠡ ᠵᠦᠢᠯ ᠤᠨ ᠴᠢᠳᠠᠪᠤᠷᠢ ᠨᠢ ᠮᠠᠭᠤᠳᠠᠳᠠᠭ᠃ ᠦᠷᠡᠵᠢᠯ ᠤᠨ ᠴᠢᠳᠠᠪᠤᠷᠢ ᠨᠢ ᠰᠠᠭᠠᠳᠤᠯ ᠳᠤ ᠤᠴᠠᠷᠠᠵᠤ᠂ ᠵᠠᠷᠢᠮ ᠳᠠᠭᠠᠨ ᠣᠷᠤᠭ᠎ᠠ ᠣᠷᠣᠬᠤ ᠪᠣᠯᠪᠠᠴᠤ ᠥᠨᠳᠡᠭᠡᠪᠴᠢ ᠢᠯᠭᠠᠷᠠᠭᠤᠯᠬᠤ ᠦᠭᠡᠢ᠂ ᠡᠭᠦᠨ ᠠᠴᠠ ᠪᠣᠯᠵᠤ ᠬᠠᠭᠤᠷᠮᠠᠭ ᠣᠷᠤᠭ᠎ᠠ ᠣᠷᠣᠳᠠᠭ ᠪᠠᠶᠢᠨ᠎ᠠ᠃    2. ᠡᠮ᠎ᠡ ᠬᠤᠨᠢ ᠬᠡᠳᠦ ᠲᠠᠷᠭᠤᠨ ᠠᠴᠠ ᠪᠣᠯᠵᠤ ᠬᠡᠭᠡᠯ ᠲᠣᠭᠲᠠᠳᠠᠭ ᠦᠭᠡᠢ    ᠬᠡᠳᠦ ᠲᠠᠷᠭᠤᠨ ᠪᠣᠯᠪᠠᠯ ᠥᠭᠡᠬᠦᠨ ᠨᠡᠬᠡᠳᠡᠰᠦ ᠨᠢ ᠥᠨᠳᠡᠭᠡᠪᠴᠢ ᠶᠢᠨ ᠳᠡᠭᠡᠷ᠎ᠡ ᠲᠤᠨᠵᠤ᠂ ᠥᠨᠳᠡᠭᠡᠪᠴᠢ ᠶᠢᠨ ᠥᠭᠡᠬᠦ ᠶᠢᠨ ᠬᠤᠪᠢᠷᠠᠯᠲᠠ ᠶᠢ ᠡᠭᠦᠰᠬᠡᠨ᠎ᠡ᠃ ᠡᠮ᠎ᠡ ᠬᠤᠨᠢ ᠣᠷᠳᠣ ᠬᠤᠭᠤᠴᠠᠭ᠎ᠠ ᠪᠠᠷ ᠣᠷᠤᠭ᠎ᠠ ᠣᠷᠣᠬᠤ ᠦᠭᠡᠢ ᠪᠣᠯ ᠡᠷᠬᠡᠪᠰᠢ ᠠᠷᠠᠴᠢᠯᠠᠵᠤ ᠳᠣᠳᠣᠮᠳᠠᠭᠰᠠᠨ ᠪᠠᠶᠢᠳᠠᠯ ᠢᠶᠠᠨ ᠦᠨᠳᠦᠰᠦᠯᠡᠨ ᠲᠡᠵᠢᠭᠡᠯ ᠪᠣᠷᠳᠣᠭᠠᠨ ᠤ ᠪᠦᠷᠢᠯᠳᠦᠭᠦᠨ ᠢ ᠵᠠᠳᠠᠯᠵᠤ᠂ ᠰᠢᠯᠲᠠᠭᠠᠨ ᠢ ᠨᠢ ᠣᠯᠵᠤ᠂ ᠲᠣᠬᠢᠷᠠᠭᠤᠯᠤᠯᠲᠠ ᠬᠢᠳᠡᠭ ᠯᠡ ᠶᠤᠮ ᠪᠣᠯ ᠡᠩ ᠤᠨ ᠪᠠᠶᠢᠳᠠᠯ ᠳᠤ ᠪᠠᠰᠠ ᠡᠳᠡᠭᠡᠷᠡᠵᠦ ᠲᠠᠶᠢᠯᠤᠨ᠎ᠠ᠃ ᠪᠡᠶ᠎ᠡ ᠮᠠᠭᠤᠲᠠᠢ ᠬᠤᠨᠢ ᠶᠢ ᠠᠷᠠᠴᠢᠯᠠᠭᠰᠠᠨ ᠨᠢ ᠵᠣᠬᠢᠰ ᠦᠭᠡᠢ ᠠᠴᠠ ᠪᠣᠯᠵᠤ ᠲᠠᠷᠭᠤᠯᠠᠬᠤ ᠦᠭᠡᠢ ᠪᠠᠶᠢᠪᠠᠯ᠂ ᠲᠡᠵᠢᠭᠡᠯ ᠪᠣᠷᠳᠤᠭ᠎ᠠ ᠪᠠᠨ ᠰᠠᠶᠢᠵᠢᠷᠠᠭᠤᠯᠤᠭᠰᠠᠨ ᠤ ᠳᠠᠷᠠᠭ᠎ᠠ ᠶᠡᠷᠦ ᠨᠢ ᠬᠡᠪ ᠤᠨ ᠪᠠᠶᠢᠳᠠᠯ ᠳᠠᠭᠠᠨ ᠣᠷᠣᠳᠠᠭ᠃    3. ᠤᠷᠲᠤ ᠬᠤᠭᠤᠴᠠᠭ᠎ᠠ ᠪᠠᠷ ᠳᠠᠩ ᠭᠠᠭᠴᠠ ᠨᠣᠭᠤᠭᠠᠨ ᠲᠡᠵᠢᠭᠡᠯ ᠪᠣᠷᠳᠤᠭ᠎ᠠ ᠪᠠᠷ ᠲᠡᠵᠢᠭᠡᠭᠰᠡᠨ ᠠᠴᠠ ᠪᠤᠯᠳᠠᠭ    ᠡᠨᠡ ᠨᠢ ᠭᠦᠵᠡᠭᠡᠨ ᠤ PH ᠬᠡᠮᠵᠢᠭᠳᠡᠯ ᠢ ᠳᠣᠷᠣᠭᠰᠢᠯᠠᠭᠤᠯᠵᠤ᠂ ᠭᠦᠵᠡᠭᠡᠨ ᠤ ᠮᠢᠺᠷᠣᠪ ᠤᠨ ᠠᠵᠢᠯᠯᠠᠭ᠎ᠠ ᠳᠤ ᠠᠰᠢᠭ ᠦᠭᠡᠢ᠂ ᠡᠭᠦᠨ ᠤ ᠤᠯᠠᠮ ᠠᠴᠠ ᠤᠭᠤᠷᠠᠭ ᠳᠤᠲᠠᠭᠳᠠᠬᠤ ᠪᠤᠶᠤ ᠸᠢᠲ᠋ᠠᠮᠢᠨ ᠳᠤᠲᠠᠭᠳᠠᠬᠤ ᠠᠴᠠ ᠪᠣᠯᠵᠤ ᠬᠤᠨᠢ ᠣᠷᠤᠭ᠎ᠠ ᠣᠷᠣᠬᠤ ᠦᠭᠡᠢ ᠪᠤᠯᠵᠤ ᠮᠡᠳᠡᠨ᠎ᠡ᠂ ᠡᠮ᠎ᠡ ᠬᠤᠨᠢ ᠳᠤ ᠨᠣᠭᠤᠭᠠᠨ ᠳᠠᠷᠤᠰᠢ ᠪᠠᠷ ᠭᠤᠣᠯ ᠲᠡᠵᠢᠭᠡᠯ ᠪᠣᠯᠭᠠᠵᠤ ᠪᠠᠶᠢᠭ᠎ᠠ ᠬᠤᠨᠢ ᠲᠡᠵᠢᠭᠡᠵᠦ ᠪᠠᠶᠢᠭ᠎ᠠ ᠡᠷᠦᠭᠡ ᠳᠤ ᠰᠠᠨᠠᠭᠤᠯᠬᠤ ᠢ ᠲᠡᠵᠢᠭᠡᠯ ᠳᠤ ᠵᠠᠪᠠᠯ ᠪᠠᠭ᠎ᠠ ᠰᠤᠳᠠ ᠨᠡᠮᠡᠵᠦ᠂ ᠪᠠᠰᠠ ᠬᠠᠭᠤᠷᠠᠢ ᠡᠪᠡᠰᠦ ᠢᠳᠡᠭᠦᠯᠵᠦ᠂ ᠮᠢᠺᠷᠣᠪ ᠤᠨ ᠲᠡᠩᠴᠡᠭᠦᠷᠢ ᠶᠢ ᠪᠠᠲᠤᠯᠠᠵᠤ᠂ ᠬᠤᠨᠢᠨ ᠤ ᠤᠭᠤᠷᠠᠭ ᠪᠣᠯᠣᠨ ᠸᠢᠲ᠋ᠠᠮᠢᠨ ᠤ ᠰᠢᠩᠭᠡᠭᠡᠯᠲᠡ ᠶᠢ ᠠᠬᠢᠭᠤᠯᠬᠤ ᠬᠡᠷᠡᠭᠲᠡᠢ᠃    4. ᠬᠤᠬᠢᠷᠠᠯ ᠵᠢᠴᠢ ᠦᠷᠪᠢᠰᠦᠯ    ᠵᠠᠷᠢᠮ ᠡᠮ᠎ᠡ ᠬᠤᠨᠢ ᠨᠢ ᠳᠡᠭᠡᠷ᠎ᠡ ᠤᠳᠠᠭ᠎ᠠ ᠬᠤᠷᠠᠭᠠᠯᠠᠬᠤ ᠳᠠᠭᠠᠨ ᠰᠠᠪᠠᠨ ᠤ ᠵᠠᠮ ᠨᠢ ᠲᠠᠲᠠᠭᠳᠠᠨ ᠰᠢᠷᠬᠠᠲᠤᠭᠰᠠᠨ ᠪᠤᠶᠤ ᠬᠤᠶᠢᠲᠤᠬᠢ ᠨᠢ ᠪᠠᠭᠤᠭᠰᠠᠨ ᠦᠭᠡᠢ ᠠᠴᠠ ᠪᠣᠯᠵᠤ᠂ ᠴᠠᠭ ᠲᠤᠬᠠᠢ ᠳᠤᠨᠢ ᠡᠮᠨᠡᠨ ᠵᠠᠰᠠᠭᠰᠠᠨ ᠦᠭᠡᠢ ᠠᠴᠠ ᠰᠠᠪᠠᠨ ᠤ ᠳᠣᠲᠣᠷ ᠪᠦᠷᠬᠦᠪᠴᠢ ᠶᠢᠨ ᠦᠷᠪᠢᠰᠦᠯ᠂ ᠥᠨᠳᠡᠭᠡᠪᠴᠢ ᠶᠢᠨ ᠤᠭᠤᠲᠠᠯᠢᠭ ᠬᠠᠪᠤᠳᠠᠷ ᠢ ᠡᠭᠦᠰᠬᠡᠳᠡᠭ ᠪᠠᠶᠢᠨ᠎ᠠ᠃ ᠡᠨᠡ ᠨᠢ ᠮᠥᠨ ᠴᠦ ᠬᠤᠨᠢᠨ ᠤ ᠦᠷᠭᠦᠯᠵᠢ ᠲᠣᠬᠢᠶᠠᠯᠳᠤᠳᠠᠭ ᠬᠤᠷᠠᠭᠠᠯᠠᠬᠤ ᠦᠭᠡᠢ ᠪᠠᠶᠢᠳᠠᠭ ᠤᠨ ᠰᠢᠯᠲᠠᠭᠠᠨ ᠪᠣᠯᠣᠨ᠎ᠠ᠃ ᠡᠭᠦᠨ ᠢ ᠨᠠᠷᠢᠨ ᠬᠢᠨᠠᠮᠠᠭᠠᠢ ᠪᠠᠶᠢᠴᠠᠭᠠᠵᠤ᠂ ᠠᠷᠢᠭᠤᠳᠬᠠᠨ ᠴᠡᠪᠡᠷᠯᠡᠬᠦ ᠪᠠ ᠡᠮᠨᠡᠨ ᠵᠠᠰᠠᠬᠤ ᠬᠡᠷᠡᠭᠲᠡᠢ᠃ ᠤᠴᠢᠷ ᠰᠢᠯᠲᠠᠭᠠᠨ ᠢ ᠨᠢ ᠡᠷᠢᠵᠦ ᠣᠯᠪᠠᠯ᠂ ᠶᠡᠷᠦ ᠳᠡᠭᠡᠨ ᠪᠠᠰᠠ ᠬᠤᠷᠠᠭᠠᠯᠠᠵᠤ ᠳᠡᠶᠢᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号