ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/8/20
   8 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠦᠨᠡᠨ ᠠᠴᠠ ᠵᠥᠪ ᠢ ᠡᠷᠢᠵᠦ ᠬᠥᠭᠵᠢᠯᠲᠡ ᠶᠢ ᠡᠷᠢᠯᠬᠢᠯᠡᠨ᠂ ᠬᠥᠭᠵᠢᠯᠲᠡ ᠶᠢ ᠠᠳᠬᠤᠵᠤ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠬᠦᠴᠦᠯᠡᠵᠦ ᠪᠠᠶᠢᠭᠠᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠂ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ ᠡᠯ᠎ᠡ ᠱᠠᠲᠤᠨ ᠤ ᠥᠷᠢ ᠥᠭᠴᠡᠭᠡ ᠶᠢ ᠠᠷᠢᠯᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠠᠷᠪᠢᠴᠢ ᠭᠠᠮᠲᠠᠢ ᠠᠮᠢᠳᠤᠷᠠᠬᠤ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠷᠦᠩᠬᠡᠶᠢᠯᠡᠭᠰᠡᠨ ᠡᠳ᠋ ᠤᠨ ᠬᠦᠴᠦᠨ ᠢ ᠪᠤᠵᠠᠭᠠᠶᠢᠷᠠᠭᠤᠯᠵᠤ᠂ ᠰᠢᠨ᠎ᠡ ᠥᠷᠢ ᠥᠭᠴᠡᠭᠡ ᠨᠡᠮᠡᠭᠳᠡᠬᠦ ᠶᠢ ᠡᠷᠡᠰ ᠬᠤᠷᠢᠭᠯᠠᠵᠤ᠂ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ᠂ ︽ᠭᠤᠷᠪᠠ ᠶᠢ ᠪᠠᠲᠤᠯᠠᠬᠤ ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠪᠦᠭᠦ ᠬᠦᠴᠦᠨ ᠢᠶᠠᠷ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ    ᠬᠤᠷᠠᠯ ᠠᠴᠠ ︽ᠦᠨᠡᠨ ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ ﹀ ᠤᠨ ᠲᠤᠬᠠᠢ ᠲᠣᠳᠣᠷᠬᠠᠶᠢᠯᠠᠯᠲᠠ ︾ ᠶᠢ ᠤᠯᠠᠮᠵᠢᠯᠠᠨ ᠰᠤᠷᠤᠯᠴᠠᠵᠦ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠤᠨ ︽ᠲᠣᠭᠲᠠᠭᠠᠯ ︾ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠯᠠᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠᠬᠢ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠥᠭᠡᠷᠡᠴᠢᠯᠡᠯᠲᠡ ᠶᠢ ᠠᠯᠢ ᠲᠦᠷᠭᠡᠨ ᠢᠶᠠᠷ ︽ᠦᠷ᠎ᠡ ᠪᠦᠲᠦᠮᠵᠢ ︾ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号